ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/1
       10 ᠰᠠᠷ᠎ᠠ ᠶᠢᠨ 29 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃    ᠬᠤᠷᠠᠯ ᠠᠴᠠ 10 ᠰᠠᠷ᠎ᠠ ᠶᠢᠨ 28 ᠤ ᠡᠳᠦᠷ ᠤᠨ ᠬᠤᠲᠠ ᠶᠢᠨ ᠨᠠᠮ ᠤᠨ ᠬᠤᠷᠢᠶᠠᠨ ᠤ ᠲᠤᠰᠬᠠᠶ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠳᠡᠭᠡᠳᠦ ᠱᠠᠲᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠬᠠᠶ ᠱᠠᠯᠠᠪᠳᠠᠭᠤᠯᠤᠨ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ ᠢᠯᠡᠷᠡᠭᠦᠯᠦᠭᠰᠡᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠰᠣᠨᠣᠰᠪᠠ︔ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠠᠮᠢᠶ᠎ᠠ ᠪᠦᠬᠦᠢ ᠠᠵᠢᠯ ᠢ ᠲᠠᠬᠢᠨ ᠲᠤᠬᠢᠷᠠᠭᠤᠯᠤᠨ ᠲᠠᠬᠢᠨ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠣᠳᠣᠬᠠᠨ ᠤ ᠠᠵᠢᠯ ᠤᠨ ᠢᠶᠠᠨ ᠴᠢᠬᠤᠯᠠ ᠠᠴᠠ ᠴᠢᠬᠤᠯᠠ ᠵᠦᠢᠯ ᠪᠣᠯᠭᠠᠨ ᠠᠳᠬᠤᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠲᠣᠳᠣᠷᠬᠠᠢ  ᠲᠦᠪ ᠴᠢᠩᠭ᠎ᠠ ᠣᠪᠣᠷ᠂ ᠡᠷᠡᠰ ᠬᠦᠴᠦᠲᠡᠢ ᠠᠵᠢᠯᠯᠠᠭ᠎ᠠ᠂ ᠬᠠᠲᠠᠭᠤ ᠲᠠᠢ ᠬᠠᠯᠳᠠᠬᠤ ᠵᠤᠷᠢᠭᠳᠡᠢ ᠪᠠᠶᠢᠬᠤ ᠰᠤᠷᠲᠠᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ︔ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠤᠨ ᠨᠠᠷᠢᠨ ᠲᠠᠩᠰᠠ ᠶᠢ ᠨᠠᠷᠢᠯᠢᠬᠵᠢᠭᠤᠯᠵᠤ᠂ ᠳᠡᠭᠡᠳᠦ ᠱᠠᠲᠤᠨ ᠤ ᠱᠠᠭᠠᠷᠳᠠᠯᠭ᠎ᠠ ᠲᠠᠢ ᠬᠠᠷᠢᠴᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠ ᠡᠳᠦᠷ ᠲᠤᠳᠤᠮ ᠤᠨ ᠲᠤᠬᠢᠷᠠᠭᠤᠯᠤᠯᠳᠠ ᠪᠠᠨ ᠴᠢᠩᠭᠠᠳᠬᠠᠵᠤ᠂ ᠳᠤᠲᠠᠭᠤᠳᠠᠯ ᠢ ᠨᠥᠬᠦᠪᠥᠷᠢᠯᠡᠬᠦ ᠬᠡᠷᠡᠭᠲᠡᠢ︔ ᠵᠠᠩᠭᠢᠯᠠᠭ᠎ᠠ ᠶᠢ ᠠᠳᠬᠤᠵᠤ᠂ ᠭᠤᠣᠯᠳᠠᠯᠭ᠎ᠠ ᠲᠠᠢ ᠠᠬᠢᠭᠤᠯᠵᠤ᠂ ᠭᠤᠣᠯᠳᠠᠯᠭ᠎ᠠ ᠲᠠᠢ ᠠᠵᠢᠯ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ︔ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠶᠠᠪᠤᠴᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠠᠷᠢᠮᠵᠢᠶᠠᠯᠠᠨ ᠬᠠᠷᠭᠤᠭᠤᠯᠵᠤ᠂ ᠠᠵᠢᠯ ᠤᠨ ᠠᠬᠢᠴᠠ ᠶᠢ ᠪᠦᠷᠢᠳᠬᠡᠨ᠂ ᠳᠤᠲᠠᠭᠤᠳᠠᠯ ᠢ ᠡᠷᠢᠵᠦ᠂ ᠬᠠᠷᠠᠯᠲᠠ ᠴᠢᠭᠯᠡᠯ ᠢᠶᠠᠨ ᠲᠣᠳᠣᠷᠬᠠᠶᠢᠯᠠᠨ᠂ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠨᠠᠶᠢᠳᠠᠪᠤᠷᠢᠵᠢᠭᠤᠯᠵᠤ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠳᠡᠭᠡᠳᠦ ᠱᠠᠲᠤᠨ ᠤ ᠦᠨᠡᠯᠡᠨ ᠵᠢᠱᠢᠵᠦ ᠬᠢᠨᠠᠨ ᠰᠢᠯᠭᠠᠬᠤ ᠠᠵᠢᠯ ᠢ ᠤᠭᠲᠤᠬᠤ ᠬᠡᠷᠡᠭᠲᠡᠢ ᠭᠡᠵᠤ ᠴᠢᠬᠤᠯᠠᠴᠢᠯᠠᠪᠠ᠃    ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠳᠤᠷᠢᠳᠤᠯᠭ᠎ᠠ ᠾᠧᠦ ᠵᠢᠶᠦ᠋ᠨ ᠢᠦᠶ᠂ ᠯᠢᠦ ᠸᠧᠨ ᠾᠦᠢ᠂ ᠷᠧᠨ ᠯᠢ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠡᠯ᠎ᠡ ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃                     ᠵᠣᠬᠢᠶᠠᠭᠴᠢ᠄ ᠰᠦᠨ ᠯᠢ ᠨᠠ  ᠯᠢ ᠷᠦᠩ ᠰᠢᠨ                     ᠤᠷᠴᠢᠭᠤᠯᠤᠭᠴᠢ᠄ ᠬᠦᠰᠡᠯ                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2