ᠤᠯᠠᠭᠠᠨᠴᠠᠪ 755.24 ᠲᠣᠨ ᠬᠥᠯᠳᠡᠭᠡᠭᠰᠡᠨ ᠲᠥᠮᠥᠰᠥ ᠶᠢᠨ ᠵᠦᠰᠦᠮ ᠢ ᠮᠣᠩᠭᠤᠯ ᠤᠯᠤᠰ ᠲᠤ ᠭᠠᠷᠭᠠᠪᠠ
ᠨᠡᠶᠢᠲᠡᠯᠡᠭᠰᠡᠨ ᠴᠠᠭ᠄
2024/11/13
    11 ᠰᠠᠷ᠎ᠠ ᠶᠢᠨ 11 ᠤ ᠡᠳᠦᠷ᠂ ᠰᠤᠷᠪᠤᠯᠵᠢᠯᠠᠭᠴᠢ ᠵᠢᠨᠢᠩ ᠪᠣᠭᠤᠮᠲᠠ ᠠᠴᠠ ᠣᠶᠢᠯᠠᠭᠠᠭᠰᠠᠨ ᠢᠶᠠᠷ᠂ ᠡᠨᠡ ᠵᠢᠯ ᠤᠨ 1 — 10 ᠰᠠᠷ᠎ᠠ ᠪᠣᠯᠲᠠᠯ᠎ᠠ᠂ ᠲᠤᠰ ᠪᠣᠭᠤᠮᠲᠠ ᠶᠢᠨ ᠬᠢᠨᠠᠨ ᠬᠠᠮᠢᠶᠠᠷᠤᠯᠲᠠ ᠨᠢ ᠮᠣᠩᠭᠤᠯ ᠤᠯᠤᠰ ᠲᠤ 755.24 ᠲᠤᠨ ᠬᠥᠯᠳᠡᠭᠡᠭᠰᠡᠨ ᠲᠥᠮᠥᠰᠥ ᠶᠢᠨ ᠵᠦᠰᠦᠮ ᠭᠠᠷᠭᠠᠵᠤ᠂ ᠪᠠᠷᠠᠭᠠᠨ ᠤ ᠥᠷᠲᠡᠭ ᠨᠢ 99.27 ᠲᠦᠮᠡᠨ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 473.37 ᠪᠠ 450.28 ᠪᠠᠷ ᠨᠡᠮᠡᠭᠳᠡᠵᠡᠢ᠃     ︽2023 ᠣᠨ ᠳᠤ ᠺᠣᠮᠫᠠᠨᠢ ᠶᠢᠨ ᠬᠥᠯᠳᠡᠭᠡᠭᠰᠡᠨ ᠲᠥᠮᠥᠰᠥ ᠶᠢᠨ ᠵᠦᠰᠦᠮ ᠢ ᠠᠩᠬ᠎ᠠ ᠤᠳᠠᠭ᠎ᠠ ᠮᠣᠩᠭᠤᠯ ᠤᠯᠤᠰ ᠲᠤ ᠭᠠᠳᠠᠭᠠᠳᠤ ᠳᠤ ᠭᠠᠷᠭᠠᠭᠰᠠᠨ ᠤ ᠳᠠᠷᠠᠭ᠎ᠠ᠂ ᠡᠨᠡ ᠵᠢᠯ ᠤᠨ ᠵᠠᠬᠢᠶᠠᠯᠠᠭ᠎ᠠ ᠶᠢᠨ ᠬᠡᠮᠵᠢᠶ᠎ᠡ ᠦᠳᠲᠡᠷ ᠲᠦᠷᠭᠡᠨ ᠨᠡᠮᠡᠭᠳᠡᠵᠦ᠂ ᠮᠠᠨ ᠤ ᠦᠢᠯᠡᠳᠬᠦᠨ ᠤᠯᠤᠰ ᠤᠨ ᠡᠭᠦᠳᠡ ᠶᠢ ᠤᠷᠤᠭᠰᠢᠲᠠᠢ ᠪᠠᠷ ᠠᠯᠬᠤᠵᠤ᠂ ᠭᠠᠳᠠᠭᠠᠳᠤ ᠳᠤ ᠭᠠᠷᠭᠠᠬᠤ ᠬᠡᠮᠵᠢᠶ᠎ᠡ ᠲᠦᠷᠭᠡᠨ ᠢᠶᠠᠷ ᠨᠡᠮᠡᠭᠳᠡᠵᠦ ᠴᠢᠳᠠᠨ᠎ᠠ᠂ ᠡᠭᠦᠨ ᠤ ᠠᠷᠤ ᠳᠤ ᠵᠢᠨᠢᠩ ᠪᠣᠭᠤᠮᠲᠠ ᠶᠢᠨ ᠬᠦᠴᠦᠲᠡᠶ ᠳᠡᠮᠵᠢᠯᠭᠡ ᠪᠠ ᠲᠤᠰᠬᠠᠶ ᠮᠡᠷᠭᠡᠵᠢᠯ ᠤᠨ ᠦᠢᠯᠡᠴᠢᠯᠡᠭᠡ ᠠᠴᠠ ᠰᠠᠯᠵᠤ ᠴᠢᠳᠠᠬᠤ ᠥᠬᠡᠶ ᠶᠤᠮ︾ ᠭᠡᠵᠦ ᠥᠪᠥᠷ ᠮᠣᠩᠭᠤᠯ ᠤᠨ ᠱᠦ ᠳ᠋ᠦ᠋ ᠺᠠᠶ ᠳ᠋ᠠ ᠢᠳᠡᠭᠡᠨ ᠤ ᠬᠢᠵᠠᠭᠠᠷᠲᠤ ᠺᠣᠮᠫᠠᠨᠢ ᠶᠢᠨ ᠰᠢᠰᠲ᠋ᠧᠮ ᠤᠨ ᠳᠠᠭᠠᠭᠠᠮᠠᠯ ᠸᠠᠩ ᠶᠦᠩ ᠸᠧᠶ ᠲᠠᠨᠢᠯᠴᠠᠭᠤᠯᠪᠠ᠃     ᠤᠯᠠᠭᠠᠨᠴᠠᠪ ᠤᠨ ᠬᠥᠯᠳᠡᠭᠡᠭᠰᠡᠨ ᠲᠥᠮᠥᠰᠥ ᠶᠢᠨ ᠵᠦᠰᠦᠮ ᠢ ᠮᠣᠩᠭᠤᠯ ᠤᠯᠤᠰ ᠲᠤ ᠭᠠᠷᠭᠠᠬᠤ ᠶᠢ ᠳᠡᠮᠵᠢᠬᠦ ᠶᠢᠨ ᠲᠥᠯᠥᠭᠡ᠂ ᠵᠢᠨᠢᠩ ᠪᠣᠭᠤᠮᠲᠠ ᠶᠢᠨ ᠬᠢᠨ ︽ᠪᠠᠷᠢᠮᠵᠢᠶ᠎ᠠ᠂ ᠮᠡᠷᠭᠡᠵᠢᠯ᠂ ᠦᠢᠯᠡᠴᠢᠯᠡᠭᠡ︾ ᠶᠢᠨ ︽ᠭᠤᠷᠪᠠ ᠶᠢ ᠬᠦᠷᠭᠡᠬᠦ︾ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠭᠠᠳᠠᠭᠠᠳᠤ ᠳᠤ ᠭᠠᠷᠭᠠᠬᠤ ᠶᠠᠪᠤᠴᠠ ᠪᠠ ᠱᠠᠭᠠᠷᠳᠠᠯᠭ᠎ᠠ ᠶᠢ ᠣᠶᠢᠯᠠᠭᠠᠭᠤᠯᠵᠤ᠂ ᠥᠪᠡᠰᠦᠪᠡᠨ ᠪᠠᠶᠢᠴᠠᠭᠠᠵᠤ ᠥᠪᠡᠰᠦᠪᠡᠨ ᠡᠵᠡᠮᠳᠡᠬᠦ ᠴᠢᠳᠠᠪᠤᠷᠢ ᠶᠢ ᠨᠢ ᠳᠡᠭᠡᠭᠰᠢᠯᠡᠭᠦᠯᠪᠡ᠃ ︽ᠪᠣᠭᠤᠮᠲᠠ ᠶᠢᠨ ᠠᠵᠤ ᠠᠬᠤᠶᠢᠯᠠᠯ ᠢ ᠨᠢᠭᠤᠷᠳᠠᠨ ᠵᠣᠯᠭᠠᠭᠤᠯᠬᠤ︾ ᠬᠡᠯᠪᠡᠷᠢ ᠶᠢ ᠪᠠᠶᠠᠯᠢᠭᠵᠢᠭᠤᠯᠵᠤ᠂ ᠬᠠᠷᠢᠶ᠎ᠠ ᠭᠠᠵᠠᠷ ᠤᠨ ᠪᠠᠶᠢᠴᠠᠭᠠᠬᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠵᠡᠷᠭᠡ ᠳᠤ ᠲᠦᠰᠢᠭᠯᠡᠨ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠰᠡᠯ ᠱᠠᠭᠠᠷᠳᠠᠯᠭ᠎ᠠ ᠪᠠ ᠲᠥᠷᠥ ᠶᠢᠨ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠤᠶᠢᠯᠠᠭᠠᠨ ᠰᠣᠨᠣᠰᠴᠤ᠂ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠂ ᠠᠵᠤ ᠠᠬᠤᠶᠢᠯᠠᠯ ᠢ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠬᠦ ᠶᠢ ᠪᠦᠲᠦᠮᠵᠢᠲᠡᠶ ᠵᠢᠯᠣᠭᠤᠳᠪᠠ᠃ ᠠᠵᠤ ᠠᠬᠤᠶᠢᠯᠠᠯ ᠢ ᠳᠤᠯᠠᠭᠠᠯᠠᠬᠤ ᠦᠢᠯᠡᠴᠢᠯᠡᠭᠡᠨ ᠤ ᠲᠤᠰᠬᠠᠢ ᠲᠤᠰᠢᠶᠠᠯᠲᠠᠨ ᠢ ᠲᠣᠳᠣᠷᠬᠠᠶᠢᠯᠠᠵᠤ᠂ ︽ᠠᠵᠤ ᠠᠬᠤᠶᠢᠯᠠᠯ ᠳᠤ ᠬᠠᠷᠠᠭᠠᠯᠵᠠᠯ ᠬᠦᠷᠲᠡᠭᠡᠬᠦ︾ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ ᠮᠣᠩᠭᠤᠯ ᠤᠯᠤᠰ ᠤᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠮᠡᠳᠡᠭᠡ ᠵᠠᠩᠭᠢ ᠶᠢ ᠣᠯᠠᠨ ᠠᠷᠭ᠎ᠠ ᠵᠠᠮ ᠢᠶᠠᠷ ᠴᠤᠭᠯᠠᠭᠤᠯᠵᠤ᠂ ᠠᠵᠤ ᠠᠬᠤᠶᠢᠯᠠᠯ ᠳᠤ ᠴᠠᠭ ᠲᠤᠬᠠᠢ ᠳᠤ ᠨᠢ ᠮᠡᠳᠡᠭᠳᠡᠵᠦ᠂ ᠠᠵᠤ ᠠᠬᠤᠶᠢᠯᠠᠯ ᠤᠨ ᠮᠣᠩᠭᠤᠯ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠱᠠᠭᠠᠷᠳᠠᠯᠭ᠎ᠠ ᠳᠤ ᠦᠷᠭᠦᠯᠵᠢᠯᠡᠨ ᠨᠡᠶᠢᠴᠡᠭᠦᠯᠬᠦ ᠶᠢ ᠵᠢᠭᠠᠨ ᠵᠢᠯᠣᠭᠤᠳᠪᠠ᠃ ᠠᠵᠤ ᠠᠬᠤᠶᠢᠯᠠᠯ ᠤᠨ ᠪᠣᠳᠠᠲᠤ ᠪᠠᠶᠢᠳᠠᠯ ᠳᠤ ᠴᠢᠭᠯᠡᠭᠦᠯᠦᠨ᠂ ︽ᠳᠥᠷᠪᠡᠨ ᠲᠡᠭ︾ ᠴᠢᠨᠠᠷ ᠰᠠᠶᠢᠲᠠᠶ ᠦᠢᠯᠡᠴᠢᠯᠡᠭᠡ ᠶᠢ ᠥᠪᠡᠷ ᠤᠨ ᠪᠠᠶᠢᠳᠠᠯ ᠳᠤ ᠪᠠᠨ ᠲᠣᠬᠢᠷᠠᠭᠤᠯᠤᠨ ᠲᠣᠭᠲᠠᠭᠠᠵᠤ᠂ ᠡᠭᠦᠨ ᠳᠤ ︽ᠥᠯᠥ ᠬᠦᠯᠢᠶᠡᠬᠦ︾ ᠴᠠᠭ ᠲᠤᠬᠠᠶ ᠳᠤᠨᠢ ᠬᠠᠷᠢᠶ᠎ᠠ ᠣᠷᠣᠨ ᠳᠠᠭᠠᠨ ᠭᠤᠶᠤᠴᠢᠯᠠᠨ ᠮᠡᠳᠡᠭᠦᠯᠵᠦ᠂ ︽ᠥᠴᠦᠬᠡᠨ ᠴᠦ ᠵᠠᠶ ᠥᠬᠡᠶ︾ ᠪᠣᠯ ᠪᠠᠶᠢᠴᠠᠭᠠᠨ ᠰᠤᠳᠤᠯᠬᠤ ᠠᠵᠤ ᠠᠬᠤᠶᠢᠯᠠᠯ ᠢ ᠢᠳᠡᠪᠬᠢᠲᠡᠶ ᠰᠤᠷᠪᠤᠯᠵᠢᠯᠠᠵᠤ᠂ ︽ᠵᠣᠪᠠᠨᠢᠯ ᠥᠬᠡᠶ︾ ᠴᠠᠭ ᠨᠡᠮᠡᠵᠦ ᠠᠵᠢᠯᠯᠠᠨ ᠪᠠᠷᠠᠭ᠎ᠠ ᠶᠢ ᠴᠠᠭ ᠲᠤᠬᠠᠶ ᠳᠤᠨᠢ ᠪᠠᠶᠢᠴᠠᠭᠠᠵᠤ᠂ ︽ᠥᠴᠦᠬᠡᠨ ᠴᠦ ᠭᠦᠶᠦᠯᠭᠡᠬᠦ ᠥᠬᠡᠶ︾ ᠲᠤᠬᠠᠶᠢᠯᠠᠭᠰᠠᠨ ᠠᠵᠢᠯ ᠤᠨ ᠴᠤᠪᠤᠷᠠᠯ ᠢ ᠰᠢᠯᠢᠳᠡᠭᠵᠢᠭᠦᠯᠦᠨ᠂ ᠦᠨᠡᠮᠯᠡᠯ ᠤᠨ ︽ᠭᠠᠷ ᠤᠨ ᠥᠰᠥᠭ ᠵᠢᠷᠤᠬᠤ︾ ᠶᠢ ᠪᠠᠭᠲᠠᠭᠠᠨ᠎ᠠ᠃     ᠤᠯᠠᠭᠠᠨᠴᠠᠪ ᠤᠨ ᠬᠥᠯᠳᠡᠭᠦᠦ ᠲᠥᠮᠥᠰᠥ ᠶᠢ ᠬᠦᠢᠲᠡᠨ ᠬᠥᠮᠥᠷᠭᠡ ᠠᠴᠠ᠂ ᠮᠢᠩᠭᠠᠨ ᠭᠠᠵᠠᠷ ᠢ ᠰᠤᠨᠳᠠᠯᠠᠨ᠂ ᠡᠴᠦᠰ ᠲᠡᠭᠡᠨ ᠮᠣᠩᠭᠤᠯ ᠤᠯᠤᠰ ᠤᠨ ᠵᠠᠬ᠎ᠠ ᠳᠡᠯᠭᠡᠭᠦᠷ ᠳᠡᠭᠡᠷ᠎ᠡ ᠬᠤᠳᠠᠯᠳᠤᠬᠤ ᠨᠢ ᠳᠤᠮᠳᠠᠳᠤ ᠮᠣᠩᠭᠤᠯ ᠬᠤᠶᠠᠷ ᠤᠯᠤᠰ ᠤᠨ ᠠᠵᠤ ᠠᠬᠤᠶ ᠶᠢᠨ ᠬᠠᠮᠲᠤᠷᠠᠯᠴᠠᠭ᠎ᠠ ᠰᠠᠶᠢᠨ ᠪᠠᠶᠢᠬᠤ ᠶᠢᠨ ᠢᠯᠡᠷᠡᠯ ᠪᠣᠯᠤᠨ᠎ᠠ᠃ ᠵᠢᠨᠢᠩ ᠪᠣᠭᠤᠮᠲᠠ ᠡᠭᠦᠷᠭᠡ ᠴᠢᠳᠠᠪᠬᠢ ᠶᠢᠨ ᠦᠢᠯᠡᠳᠦᠯ ᠳᠡᠭᠡᠨ ᠰᠠᠭᠤᠷᠢᠯᠠᠵᠤ᠂ ᠤᠯᠠᠭᠠᠨᠴᠠᠪ ᠬᠤᠳᠠ ᠶᠢᠨ ᠲᠥᠮᠥᠰᠥ ᠶᠢᠨ ᠠᠵᠤ ᠦᠢᠯᠡᠰ ᠤᠨ ᠳᠡᠯᠡᠬᠡᠶᠢᠵᠢᠯᠲᠡ ᠶᠢᠨ ᠬᠥᠭᠵᠢᠯᠲᠡ ᠳᠤ ᠪᠠᠲᠤ ᠪᠠᠬᠢ ᠪᠠᠲᠤᠯᠠᠭ᠎ᠠ ᠬᠠᠩᠭᠠᠵᠤ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭ᠎ᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃                                          ᠣᠷᠴᠢᠭᠤᠯᠤᠭᠴᠢ᠄ ᠭᠤᠸ᠎ᠠ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2