︽ᠥᠪᠥᠷ ᠮᠣᠩᠭᠤᠯ · ᠪᠠᠶᠠᠷ ᠪᠠᠶᠠᠰᠬᠤᠯᠠᠩᠳᠤ ᠮᠥᠰᠥ ᠴᠠᠰᠤᠨ ᠤ ᠤᠯᠠᠷᠢᠯ︾ ᠤᠨ ᠰᠣᠶᠣᠯ ᠵᠢᠭᠤᠯᠴᠢᠯᠠᠯ ᠤᠨ | ᠨᠡᠷᠡᠲᠦ ᠲᠡᠮᠳᠡᠭ ᠢ ᠤᠯᠠᠮ ᠨᠢᠭᠡ ᠠᠯᠬᠤᠮ ᠤᠬᠠᠭᠤᠯᠵᠤ᠂ ᠤᠯᠠᠭᠠᠨᠴᠠᠪ ᠤᠨ ᠭᠠᠯᠲᠤ ᠠᠭᠤᠯᠠ ᠶᠢᠨ ᠥᠪᠡᠷᠮᠢᠴᠡ | ᠰᠣᠶᠣᠯ ᠤᠨ ᠲᠠᠲᠠᠬᠤ ᠬᠦᠴᠦᠨ ᠪᠠ ᠮᠥᠰᠥ ᠴᠠᠰᠤᠨ ᠤ ᠵᠠᠩ ᠦᠢᠯᠡ ᠶᠢ ᠳᠡᠯᠭᠡᠨ ᠦᠵᠡᠭᠦᠯᠬᠦ ᠶᠢᠨ ᠲᠥᠯᠥᠭᠡ᠂ | ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤ ᠨᠠᠷᠢᠨ ᠨᠢᠮᠪᠠᠢ ᠲᠥᠯᠥᠪᠯᠡᠵᠦ᠂ ︽ᠭᠠᠯᠲᠤ ᠠᠭᠤᠯᠠ ᠪᠠᠷ ᠵᠤᠭᠠᠴᠠᠵᠤ· | ᠣᠷᠭᠢᠯᠤᠮ᠎ᠠ ᠰᠡᠳᠬᠢᠯᠭᠡ ᠪᠠᠨ ᠰᠡᠷᠭᠦᠭᠡᠬᠦ︾ ᠪᠠᠷ ᠭᠤᠣᠯ ᠰᠡᠳᠦᠪ ᠪᠣᠯᠭᠠᠭᠰᠠᠨ ᠰᠢᠷᠢᠰ ᠠᠵᠢᠯᠯᠠᠭ᠎ᠠ ᠶᠢ | ᠶᠠᠪᠤᠭᠳᠠᠭᠤᠯᠵᠤ᠂ ᠭᠠᠯᠲᠤ ᠠᠭᠤᠯᠠ ᠶᠢᠨ ᠡᠪᠦᠯ ᠤᠨ ᠵᠤᠭᠠᠴᠠᠯ ᠢ ︽ᠬᠥᠭᠵᠢᠶᠡᠨ ᠲᠠᠢ︾ ᠪᠣᠯᠭᠠᠪᠠ᠃ 11 | ᠰᠠᠷ᠎ᠠ ᠶᠢᠨ 16 ᠤ ᠡᠳᠦᠷ ᠠᠴᠠ ᠡᠬᠢᠯᠡᠨ᠂ 88 ᠡᠳᠦᠷ ᠤᠨ ᠬᠤᠭᠤᠴᠠᠭ᠎ᠠ ᠲᠠᠢ ︽ᠭᠠᠯᠲᠤ ᠠᠭᠤᠯᠠ ᠪᠠᠷ | ᠵᠤᠭᠠᠴᠠᠵᠤ · ᠣᠷᠭᠢᠯᠤᠮ᠎ᠠ ᠰᠡᠳᠬᠢᠯᠭᠡ ᠪᠠᠨ ᠰᠡᠷᠭᠦᠭᠡᠬᠦ︾ ᠰᠡᠳᠦᠪᠳᠦ ᠡᠪᠦᠯ ᠤᠨ ᠤᠯᠠᠷᠢᠯ ᠤᠨ ᠵᠤᠭᠠᠴᠠᠯ ᠤᠨ ᠰᠢᠷᠢᠰ | ᠠᠵᠢᠯᠯᠠᠭ᠎ᠠ ᠤᠯᠠᠭᠠᠨᠴᠠᠪ ᠤᠨ ᠭᠠᠯᠲᠤ ᠠᠭᠤᠯᠠᠨ ᠳᠤ ᠦᠪᠡᠳᠡᠭᠰᠢ ᠶᠡᠭᠡ ᠪᠠᠷ ᠡᠬᠢᠯᠡᠬᠦ ᠪᠣᠯᠤᠨ᠎ᠠ᠃ | ᠨᠢᠭᠡ᠂ ᠣᠬᠢ ᠰᠢᠯᠢᠳᠡᠭ ᠡᠪᠦᠯ ᠤᠨ ᠤᠯᠠᠷᠢᠯ ᠤᠨ ᠵᠤᠭᠠᠴᠠᠯ ᠤᠨ ᠵᠠᠮ ᠱᠤᠭᠤᠮ᠃ ᠵᠤᠭᠠᠴᠠᠭᠰᠠᠳ ᠢ | ᠣᠬᠤᠷᠬᠠᠨ ᠬᠤᠭᠤᠴᠠᠭᠠᠨ ᠤ ᠳᠣᠲᠣᠷ᠎ᠠ ᠣᠯᠠᠨ ᠵᠤᠭᠠᠴᠠᠯ ᠤᠨ ᠦᠵᠡᠮᠵᠢ ᠶᠢᠨ ᠣᠷᠣᠨ ᠳᠤ ᠣᠴᠢᠭᠤᠯᠵᠦ᠂ | ᠵᠤᠭᠠᠴᠠᠨ ᠨᠠᠭᠠᠳᠬᠤ ᠴᠠᠭ ᠢ ᠠᠷᠪᠢᠯᠠᠵᠦ᠂ ᠵᠤᠭᠠᠴᠠᠯ ᠤᠨ ᠠᠶᠢᠵᠠᠮ ᠢ ᠨᠡᠩ ᠨᠢᠭᠲᠠ ᠪᠣᠯᠭᠠᠬᠤ ᠶᠢᠨ ᠲᠥᠯᠥᠭᠡ᠂ | ᠡᠮᠦᠨ᠎ᠡ ᠬᠡᠰᠡᠭ᠂ ᠬᠤᠶᠢᠳᠤ ᠬᠡᠰᠡᠭ ᠤᠨ ᠵᠤᠭᠠᠴᠠᠭᠰᠠᠳ ᠤᠨ ᠲᠥᠪ᠂ 3 ᠳ᠋ᠤᠭᠠᠷ ᠨᠣᠮᠧᠷᠲᠤ ᠭᠠᠯᠲᠤ ᠠᠭᠤᠯᠠ ᠶᠢ | ᠬᠤᠯᠪᠣᠯᠳᠤᠭᠤᠯᠵᠤ᠂ ᠦᠵᠡᠮᠵᠢ ᠶᠢᠨ ᠣᠷᠣᠨ ᠤ ᠡᠮᠦᠨ᠎ᠡ ᠤᠮᠠᠷ᠎ᠠ ᠵᠠᠮ ᠤᠨ ᠬᠡᠰᠡᠭ ᠢ ᠬᠤᠯᠪᠣᠬᠤ ᠶᠢᠨ ᠬᠠᠮᠲᠤ | ᠤᠳᠤᠨ ᠮᠡᠴᠢᠳ ᠢ ᠰᠤᠨᠢᠷᠬᠠᠬᠤ ᠭᠠᠵᠠᠷ᠂ ᠠᠷᠠᠳ ᠤᠨ ᠣᠷᠣᠨ ᠰᠠᠭᠤᠴᠠ᠂ ᠠᠮᠲᠠᠲᠤ ᠢᠳᠡᠭᠡᠨ ᠵᠡᠷᠭᠡ ᠶᠢ | ᠤᠶᠠᠯᠳᠤᠭᠤᠯᠤᠨ ᠡᠪᠦᠯ ᠤᠨ ᠤᠯᠠᠷᠢᠯ ᠤᠨ ᠵᠤᠭᠠᠴᠠᠯ ᠤᠨ ᠰᠣᠳᠣᠨ ᠵᠠᠮ ᠱᠤᠭᠤᠮ ᠢ ᠪᠤᠢ ᠪᠣᠯᠭᠠᠪᠠ᠃ | ᠬᠤᠶᠠᠷ᠂ ︽ᠭᠠᠯᠲᠤ ᠠᠭᠤᠯᠠ ᠶᠢᠨ ᠰᠥᠨᠢ︾ ᠰᠡᠳᠦᠪᠳᠦ ᠳᠠᠭᠤᠤ ᠬᠥᠭᠵᠢᠮ ᠰᠤᠨᠢᠷᠬᠠᠬᠤ ᠵᠠᠮ ᠱᠤᠭᠤᠮ᠃ | ᠭᠠᠯᠲᠤ ᠠᠭᠤᠯᠠ ᠶᠢᠨ ᠨᠠᠶᠢᠷᠠᠯ ᠳᠠᠭᠤᠤ ᠪᠠᠷ ᠡᠬᠢᠯᠡᠯᠲᠡ ᠪᠣᠯᠭᠠᠵᠤ᠂ ︽ᠲᠥᠮᠥᠰᠥᠨ ᠪᠥᠵᠢᠭ︾ ᠤᠨ ᠲᠣᠭᠯᠠᠯᠲᠠ᠂ | ᠬᠤᠸᠠᠷ ᠫᠤᠤᠵᠢᠩ ᠤᠨ ᠦᠵᠡᠭᠦᠯᠭᠡ᠂ ᠭᠠᠯᠲᠤ ᠳᠡᠪᠦᠷ᠎ᠡ ᠶᠢᠨ ᠲᠣᠭᠯᠠᠯᠲᠠ ᠵᠡᠷᠭᠡ ᠠᠵᠢᠯᠯᠠᠭᠠᠨ ᠲᠠᠢ ᠬᠠᠮᠵᠢᠯᠴᠠᠨ᠂ | ᠡᠪᠦᠯ ᠤᠨ ᠤᠯᠠᠷᠢᠯ ᠤᠨ ᠵᠤᠭᠠᠴᠠᠯ ᠤᠨ ︽ᠬᠦᠭᠵᠢᠶᠡᠨ︾ ᠢ ᠨᠣᠴᠣᠭᠠᠪᠠ᠃ ᠡᠭᠦᠨ ᠤ ᠬᠠᠮᠲᠤ᠂ ᠭᠠᠷᠠᠭ ᠪᠦᠷᠢ | ᠰᠦ ᠲᠠᠢ ᠴᠠᠢ᠂ ᠺᠣᠹᠧ᠂ ᠬᠥᠯᠳᠡᠭᠡᠭᠰᠡᠨ ᠲᠥᠮᠥᠰᠥ᠂ ᠰᠢᠷᠠᠮᠠᠯ ᠲᠥᠮᠥᠰᠥ᠂ ᠬᠥᠯᠳᠡᠭᠦᠦ ᠠᠯᠢᠮ᠎ᠠ ᠵᠢᠴᠢ ᠮᠣᠩᠭᠤᠯ | ᠭᠡᠷ᠂ ᠲᠦᠳᠡᠭ ᠭᠠᠯ ᠵᠡᠷᠭᠡ ᠶᠢ ᠵᠢᠭᠤᠯᠴᠢᠯᠠᠭᠰᠠᠳ ᠲᠤ ᠦᠨ᠎ᠡ ᠲᠥᠯᠥᠪᠦᠷᠢ ᠦᠭᠡᠢ ᠪᠠᠷ ᠬᠠᠩᠭᠠᠬᠤ ᠪᠤᠯᠤᠨ᠎ᠠ᠃ | ᠭᠤᠷᠪᠠ᠂ ︽ᠭᠠᠯᠲᠤ ᠠᠭᠤᠯᠠ ᠶᠢᠨ ᠬᠥᠮᠦᠨ ᠦᠭᠡᠢ ᠨᠢᠰᠭᠡᠯ ᠤᠨ ᠵᠢᠭᠰᠠᠭᠠᠯ︾ ᠰᠡᠳᠦᠪᠳᠦ ᠬᠠᠷᠠᠭᠠᠨ | ᠰᠠᠷᠠᠯ ᠤᠨ ᠦᠪᠡᠳᠡᠭᠰᠢ ᠳᠠᠢᠯᠠᠯᠭ᠎ᠠ᠃ 3 ᠳ᠋ᠤᠭᠠᠷ ᠨᠣᠮᠧᠷᠲᠦ ᠭᠠᠯᠲᠤ ᠠᠭᠤᠯᠠ ᠶᠢᠨ ᠭᠤᠣᠯ ᠴᠣᠭᠴᠠ ᠶᠢᠨ ᠳᠡᠭᠡᠷ᠎ᠡ | 2000 ᠬᠥᠮᠦᠨ ᠥᠬᠡᠢ ᠨᠢᠰᠭᠡᠯ ᠢᠶᠠᠷ ᠳᠠᠮᠵᠢᠨ ᠰᠢᠨ᠎ᠡ ᠡᠭᠦᠳᠦᠯᠲᠡ ᠶᠢᠨ ᠦᠵᠡᠭᠦᠯᠦᠯᠭᠡ ᠬᠢᠨ᠎ᠡ᠃ ᠵᠢᠭᠰᠠᠭᠠᠯ ᠤᠨ | ᠬᠡᠯᠪᠡᠷᠢ ᠪᠠᠷ ᠭᠠᠯᠲᠤ ᠠᠭᠤᠯᠠ ᠶᠢᠨ ᠦᠵᠡᠮᠵᠢ ᠶᠢᠨ ᠣᠷᠣᠨ ᠤ ᠥᠩᠭᠡ ᠦᠵᠡᠮᠵᠢ ᠵᠢᠴᠢ ᠥᠪᠥᠷ ᠮᠣᠩᠭᠤᠯ ᠤᠨ | ᠣᠨᠴᠠᠯᠢᠭᠲᠤ ᠡᠯᠧᠮᠧᠨ᠋ᠲ ᠤᠨ ᠵᠢᠷᠤᠭ ᠳᠦᠷᠰᠦ ᠢ ᠪᠦᠷᠢᠯᠳᠦᠭᠦᠯᠵᠦ᠂ ᠲᠣᠰ ᠤᠳᠠᠭᠠᠨ ᠤ ᠠᠵᠢᠯᠯᠠᠭ᠎ᠠ ᠶᠢᠨ ᠭᠤᠤᠯ | ᠰᠡᠳᠦᠪᠲᠦ ᠥᠰᠥᠭ ᠢ ᠪᠦᠷᠢᠯᠳᠦᠭᠦᠯᠦᠨ᠎ᠡ᠃ | ᠲᠦᠷᠪᠡ᠂ ︽ᠭᠤᠸᠠᠩ ᠬᠠᠨ ᠬᠦᠩ ᠣᠷᠳᠣᠨ ᠳᠠᠬᠢ ᠴᠠᠩ ᠧ︾ ᠭᠡᠬᠦ ᠭᠤᠣᠯ ᠰᠡᠳᠦᠪᠲᠦ IP ᠶᠢ | ᠪᠠᠶᠢᠭᠤᠯᠤᠨ᠎ᠠ᠃ ᠡᠪᠦᠯ ᠤᠨ ᠤᠯᠠᠷᠢᠯ ᠤᠨ ᠭᠠᠯᠲᠤ ᠠᠭᠤᠯᠠ ᠶᠢᠨ ᠰᠠᠷᠠᠨ ᠪᠥᠮᠪᠥᠷᠴᠡᠭ ᠤᠨ ᠭᠠᠵᠠᠷ ᠤᠨ ᠭᠠᠳᠠᠷᠭᠤ | ᠲᠠᠢ ᠲᠦᠰᠳᠡᠢ ᠥᠪᠡᠷᠮᠢᠴᠡ ᠣᠨᠴᠠᠯᠢᠭ ᠢ ᠠᠰᠢᠭᠯᠠᠨ᠂ ︽ᠰᠢ ᠠᠨ ᠤ ᠳ᠋ᠠ ᠲᠠᠩ ᠤᠨ ᠦᠳᠡᠰᠢ ᠦᠭᠡᠢ ᠬᠤᠲᠠ︾ | ᠪᠠᠷ ᠪᠠᠷᠢᠮᠵᠢᠶᠠᠯᠠᠵᠤ᠂ ︽ᠭᠤᠸᠠᠩ ᠬᠠᠨ ᠬᠦᠩ ᠣᠷᠳᠣᠨ ᠳᠠᠬᠢ ᠴᠠᠩ ᠧ︾ ᠶᠢᠨ IP ᠢ ᠴᠣᠭᠴᠠᠯᠠᠵᠤ᠂ | ᠰᠦᠯᠵᠢᠶᠡᠨ ᠳᠡᠭᠡᠷᠡᠬᠢ ᠰᠣᠶᠣᠯ ᠵᠢᠭᠤᠯᠴᠢᠯᠠᠯ ᠤᠨ ᠬᠠᠯᠠᠮᠰᠢᠯ ᠤᠨ ᠴᠡᠭ ᠪᠣᠯᠭᠠᠬᠤ ᠪᠠᠷ ᠴᠢᠷᠮᠠᠶᠢᠨ᠎ᠡ᠃ | ᠲᠠᠷᠠᠭᠠᠴᠢ ᠶᠢᠨ ᠠᠯᠬᠤᠮ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠦᠷᠭᠦᠯᠵᠢᠯᠡᠨ ᠡᠪᠦᠯ ᠤᠨ | ᠤᠯᠠᠷᠢᠯ ᠤᠨ ᠵᠢᠭᠤᠯᠴᠢᠯᠠᠯ ᠤᠨ ᠰᠡᠳᠬᠢᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠡᠪᠦᠯ ᠤᠨ ᠤᠯᠠᠷᠢᠯ ᠤᠨ | ᠵᠤᠭᠠᠴᠠᠭᠰᠠᠳ ᠢ 200 ᠲᠦᠮᠡ ᠳᠤ ᠬᠦᠷᠦᠭᠦᠯᠵᠦ᠂ ᠣᠷᠣᠯᠭ᠎ᠠ ᠶᠢ 3 ᠳ᠋ᠦᠩᠰᠢᠭᠤᠷ ᠲᠥᠭᠦᠷᠢᠭ ᠳᠠᠪᠠᠭᠤᠯᠬᠤ ᠪᠠᠷ | ᠴᠢᠷᠮᠠᠶᠢᠵᠤ᠂ ᠭᠠᠯᠲᠤ ᠠᠭᠤᠯᠠ ᠶᠢᠨ ᠵᠢᠭᠤᠯᠴᠢᠯᠠᠯ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ | | | | | |