11 ᠰᠠᠷ᠎ᠠ ᠶᠢᠨ 16 ᠤ ᠡᠳᠦᠷ᠂ ᠤᠯᠠᠭᠠᠨᠴᠠᠪ ᠤᠨ ᠬᠤᠶᠠᠳᠤᠭᠠᠷ ᠬᠤᠭᠤᠴᠠᠭᠠᠨ ᠤ ︽ᠮᠥᠰᠥ ᠴᠠᠰᠤᠨ ᠤ | ᠬᠠᠶᠢᠷ᠎ᠠ︾ ᠵᠢᠭᠤᠯᠴᠢᠯᠠᠯ ᠤᠨ ᠤᠯᠠᠷᠢᠯ ᠥᠪᠥᠷ ᠮᠣᠩᠭᠤᠯ ᠤᠨ ᠤᠯᠠᠭᠠᠨᠴᠠᠪ ᠤᠨ ᠳ᠋ᠠ ᠾᠧ ᠸᠠᠨ ᠴᠠᠰᠤᠨ ᠳᠤ | ᠭᠤᠯᠭᠤᠬᠤ ᠲᠠᠯᠠᠪᠠᠢ ᠳᠤ ᠡᠬᠢᠯᠡᠪᠡ᠃ ᠤᠯᠠᠭᠠᠨ ᠬᠠᠳᠠ ᠶᠢᠨ ᠭᠠᠯᠲᠤ ᠠᠭᠤᠯᠠ᠂ ᠴᠠ ᠬᠠᠨ ᠶᠢᠩ ᠴᠠᠰᠤᠨ ᠳᠤ | ᠭᠤᠯᠭᠤᠬᠤ ᠲᠠᠯᠠᠪᠠᠢ᠂ ᠯᠢᠶᠠᠩᠴᠧᠩ ᠤᠨ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠶᠢᠨ ᠠᠵᠢᠯᠯᠠᠭ᠎ᠠ | ᠵᠡᠷᠭᠡᠪᠡᠷ ᠶᠠᠪᠤᠭᠳᠠᠪᠠ᠃ | ᠲᠣᠰ ᠤᠳᠠᠭᠠᠨ ᠤ ᠠᠵᠢᠯᠯᠠᠭ᠎ᠠ ᠨᠢ ︽ᠤᠳᠤ ᠦᠵᠡᠬᠦ᠂ ᠰᠠᠷ᠎ᠠ ᠰᠣᠨᠢᠷᠬᠠᠬᠤ᠂ ᠭᠠᠯᠲᠤ ᠠᠭᠤᠯᠠ ᠪᠠᠷ | ᠵᠤᠭᠠᠴᠠᠬᠤ︾ ︽ᠴᠠᠰᠤᠨ ᠭᠤᠯᠭᠤᠯᠳᠠ᠂ ᠠᠮᠲᠠᠲᠤ ᠢᠳᠡᠭᠡᠨ᠂ ᠬᠠᠯᠠᠭᠤᠨ ᠷᠠᠰᠢᠶᠠᠨ︾ ᠢᠶᠠᠷ ᠭᠤᠤᠯ ᠰᠢᠵᠢᠮ | ᠪᠣᠯᠭᠠᠵᠤ᠂ 8 ᠭᠤᠣᠯᠳᠠᠯᠭ᠎ᠠ ᠲᠠᠢ ᠦᠵᠡᠮᠵᠢ ᠶᠢᠨ ᠣᠷᠣᠨ ︵ᠲᠤᠬᠠᠶᠢᠯᠠᠪᠠᠯ ᠤᠯᠠᠭᠠᠨᠴᠠᠪ ᠤᠨ ᠭᠠᠯᠲᠤ ᠠᠭᠤᠯᠠ᠂ | ᠤᠯᠠᠭᠠᠨᠴᠠᠪ ᠤᠨ ᠰᠥᠨᠢ ᠶᠢᠨ ᠵᠡᠭᠡᠯᠢ ᠲᠣᠭᠤᠷᠢᠭ᠂ ᠯᠢᠨ ᠬᠤ᠋ ᠶᠢᠨ ᠡᠷᠲᠡᠨ ᠤ ᠴᠠᠶᠢᠵᠠ ᠶᠢᠨ ᠦᠵᠡᠮᠵᠢ ᠶᠢᠨ ᠣᠷᠣᠨ᠂ | ᠤᠯᠠᠭᠠᠨ ᠬᠠᠳᠠ ᠶᠢᠨ ᠠᠮᠢ ᠠᠬᠤᠶ ᠶᠢᠨ ᠵᠢᠭᠤᠯᠴᠢᠯᠠᠯ ᠤᠨ ᠣᠷᠣᠨ᠂ ᠵᠢᠨᠢᠩ ᠤᠨ ᠣᠯᠠᠨ ᠤᠯᠤᠰ ᠤᠨ ᠠᠷᠠᠰᠤᠨ | ᠡᠳ᠋ᠯᠡᠯ ᠤᠨ ᠬᠤᠲᠠ᠂ ᠳ᠋ᠠ ᠾᠧ ᠸᠠᠨ ᠴᠠᠰᠤᠨ ᠳᠤ ᠭᠤᠯᠭᠤᠬᠤ ᠲᠠᠯᠠᠪᠠᠶ᠂ ᠯᠢᠶᠠᠩᠴᠧᠩ ᠤᠨ ᠴᠠᠰᠤᠨ ᠳᠤ | ᠭᠤᠯᠭᠤᠬᠤ ᠲᠠᠯᠠᠪᠠᠶ ︶᠂ 45 ᠠᠷᠠᠳ ᠤᠨ ᠪᠠᠭᠤᠳᠠᠯ᠂ 3 ᠶᠡᠭᠡ ᠴᠠᠰᠤᠨ ᠳᠤ ᠭᠤᠯᠭᠤᠬᠤ ᠲᠠᠯᠠᠪᠠᠶ᠂ 5 | ᠬᠠᠯᠠᠭᠤᠨ ᠷᠠᠰᠢᠶᠠᠨ ︵ᠲᠤᠬᠠᠶᠢᠯᠠᠪᠠᠯ ᠮᠣᠷᠢᠨ ᠳᠠᠪᠠᠭ᠎ᠠ ᠶᠢᠨ ᠬᠠᠯᠠᠭᠤᠨ ᠷᠠᠰᠢᠶᠠᠨ᠂ ᠸᠠᠨ ᠳ᠋ᠧᠩ ᠬᠠᠯᠠᠭᠤᠨ ᠷᠠᠰᠢᠶᠠᠨ᠂ | ᠶᠦᠩ ᠯᠢᠶᠠᠩ ᠬᠠᠯᠠᠭᠤᠨ ᠷᠠᠰᠢᠶᠠᠨ︶ ᠵᠡᠷᠭᠡ ᠡᠬᠢ ᠪᠠᠶᠠᠯᠢᠭ ᠲᠤ ᠲᠦᠰᠢᠭᠯᠡᠨ᠂ 2024 ᠣᠨ ᠤ 11 ᠰᠠᠷ᠎ᠠ ᠶᠢᠨ | 16 ᠤ ᠡᠳᠦᠷ ᠪᠥᠬᠦ ᠲᠠᠯ᠎ᠠ ᠪᠠᠷ ᠡᠬᠢᠯᠡᠭᠦᠯᠵᠦ᠂ 2025 ᠣᠨ ᠤ 3 ᠰᠠᠷ᠎ᠠ ᠶᠢᠨ ᠡᠬᠢ ᠪᠠᠷ ᠳᠠᠭᠤᠰᠤᠨ᠎ᠠ᠃ ︽1 | ᠴᠡᠭ 7 ᠱᠤᠭᠤᠮ᠂ ᠵᠠᠭᠤᠨ ᠡᠳᠦᠷ ᠵᠠᠭᠤᠨ ᠲᠠᠯᠠᠪᠠᠢ︾ ︵ᠲᠤᠬᠠᠶᠢᠯᠠᠪᠠᠯ ᠤᠯᠠᠭᠠᠨ ᠬᠠᠳᠠ ᠶᠢᠨ ᠭᠠᠯᠲᠤ | ᠠᠭᠤᠯᠠ ᠶᠢᠨ ᠭᠤᠣᠯ ᠳᠡᠯᠪᠡᠷᠡᠯᠲᠡ ᠶᠢᠨ ᠴᠡᠭ᠂ 7 ᠵᠢᠭᠤᠯᠴᠢᠯᠠᠯ ᠤᠨ ᠵᠠᠮ ᠱᠤᠭᠤᠮ︶ ᠤᠨ ᠲᠣᠭᠤᠷᠢᠨ ᠳᠤ ᠵᠠᠭᠤᠨ | ᠡᠳᠦᠷ ᠦᠷᠭᠦᠯᠵᠢᠯᠡᠭᠦᠯᠵᠦ᠂ ᠡᠯ᠎ᠡ ᠲᠥᠷᠥᠯ ᠤᠨ ᠠᠵᠢᠯᠯᠠᠭ᠎ᠠ ᠶᠢ ᠪᠠᠷᠤᠭ 100 ᠲᠠᠯᠠᠪᠤᠷ ᠡᠷᠬᠢᠯᠡᠵᠦ᠂ ︽ᠬᠦᠢᠲᠡᠨ | ᠡᠬᠢ ᠪᠠᠶᠠᠯᠢᠭ︾ ᠢ ︽ᠬᠠᠯᠠᠭᠤᠨ ᠠᠵᠤ ᠦᠢᠯᠡᠰ︾ ᠪᠣᠯᠭᠠᠬᠤ ᠶᠢ ᠠᠬᠢᠭᠤᠯᠤᠨ᠎ᠠ᠃ |