ᠴᠢ ᠹᠸᠢ ᠶᠦᠨ ᠪᠦᠯᠬᠦᠮ ᠳᠠᠭᠠᠭᠤᠯᠤᠨ ᠭᠤᠸᠠᠩᠳᠦ᠋ᠩ ᠮᠤᠵᠢ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠪᠠ
ᠨᠡᠶᠢᠲᠡᠯᠡᠭᠰᠡᠨ ᠴᠠᠭ᠄
2024/11/20
    11 ᠰᠠᠷ᠎ᠠ ᠶᠢᠨ 18 ᠤ ᠡᠳᠦᠷ ᠠᠴᠠ 20 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠪᠦᠯᠬᠦᠮ ᠳᠠᠭᠠᠭᠤᠯᠤᠨ ᠭᠤᠸᠠᠩᠳᠦ᠋ᠩ ᠮᠤᠵᠢ ᠶᠢᠨ ᠭᠤᠸᠠᠩᠵᠧᠦ ᠬᠤᠲᠠ᠂ ᠬᠤᠢ ᠵᠧᠦ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠬᠠᠮᠲᠤᠷᠠᠯᠴᠠᠭᠠᠨ ᠤ ᠤᠴᠢᠷ ᠶᠠᠪᠤᠳᠠᠯ ᠢ ᠰᠢᠨᠵᠢᠯᠡᠨ ᠪᠠᠶᠢᠴᠠᠭᠠᠵᠤ ᠵᠣᠯᠭᠠᠭᠤᠯᠪᠠ᠃     ᠭᠤᠸᠠᠩᠵᠧᠦ ᠶᠢᠨ ᠫᠧᠩ ᠬᠤᠢ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ᠂ ᠴᠢ ᠹᠸᠢ ᠶᠦᠨ ᠨᠠᠷ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠰᠢᠶᠠ ᠰᠢᠨ ᠳ᠋ᠧ ᠲᠠᠢ ᠨᠡᠭᠦᠷᠡᠰᠦᠲᠥ᠋ᠷᠥᠭᠴᠢ ᠦᠭᠡᠢ ᠡᠨᠧᠷᠭᠢ ᠬᠠᠳᠠᠭᠠᠯᠠᠬᠤ ᠵᠢᠱᠢᠶ᠎ᠡ ᠦᠵᠡᠭᠦᠯᠬᠦ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠬᠠᠮᠲᠤᠷᠠᠯᠴᠠᠭᠠᠨ ᠤ ᠶᠠᠪᠤᠳᠠᠯ ᠤᠨ ᠲᠣᠭᠤᠷᠢᠨ ᠳᠤ ᠶᠠᠷᠢᠯᠴᠠᠨ ᠰᠣᠯᠢᠯᠴᠠᠪᠠ᠃ ᠶᠠᠷᠢᠯᠴᠠᠬᠤ ᠬᠤᠷᠠᠯ ᠳᠡᠭᠡᠷ᠎ᠡ᠂ ᠴᠢ ᠹᠸᠢ ᠶᠦᠨ ᠤᠯᠠᠭᠠᠨᠴᠠᠪ ᠬᠤᠲᠠ ᠶᠢᠨ ᠲᠡᠮᠦᠷ ᠤᠨ ᠬᠠᠶᠢᠯᠤᠰᠢ ᠶᠢᠨ ᠠᠵᠤ ᠦᠢᠯᠡᠰ ᠵᠢᠴᠢ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠵᠢᠴᠢ ᠲᠥᠯᠥᠪᠵᠢᠭᠦᠯᠭᠡ ᠶᠢ ᠲᠠᠨᠢᠯᠴᠠᠭᠤᠯᠪᠠ᠃ ᠲᠡᠷᠡ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠢᠨ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠠᠩᠭᠠᠯᠭ᠎ᠠ ᠶᠢᠨ ᠬᠡᠯᠬᠢᠶ᠎ᠡ ᠶᠢᠨ ᠲᠠᠯ᠎ᠠ ᠪᠠᠷ ᠬᠢ ᠬᠠᠮᠲᠤᠷᠠᠯᠴᠠᠭᠠᠨ ᠤ ᠬᠠᠨᠢᠲᠠᠨ ᠢ ᠢᠳᠡᠪᠬᠢᠲᠡᠢ ᠪᠠᠷ ᠬᠦᠳᠦᠯᠦᠨ ᠳᠠᠭᠠᠭᠤᠯᠵᠤ ᠤᠯᠠᠭᠠᠨᠴᠠᠪ ᠢ ᠰᠣᠩᠭᠤᠵᠤ᠂ ᠤᠯᠠᠭᠠᠨᠴᠠᠪ ᠲᠤ ᠪᠡᠯᠡ ᠣᠷᠣᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠥᠭᠡᠮᠨᠡᠷᠡᠨ ᠬᠥᠭᠵᠢᠬᠦ ᠳᠤ ᠬᠠᠮᠲᠤᠪᠠᠷ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃     ᠴᠢ ᠹᠸᠢ ᠶᠦᠨ ᠨᠠᠷ ᠸᠧᠶ ᡁᠢ ᠬᠤᠪᠢ ᠡᠵᠡᠮᠳᠡᠭᠰᠡᠨ ᠬᠢᠵᠠᠭᠠᠷᠲᠤ ᠺᠣᠮᠫᠠᠨᠢ ᠳᠤ ᠬᠦᠷᠴᠦ᠂ ᠲᠡᠷᠭᠡᠨ ᠲᠡᠭᠡᠭᠡᠪᠦᠷᠢ ᠶᠢᠨ LED᠂ ᠭᠡᠷᠡᠯᠲᠦᠭᠦᠯᠭᠡ ᠶᠢᠨ ᠦᠢᠯᠡᠳᠬᠦᠨ᠂ ᠬᠠᠭᠠᠰ ᠳᠠᠮᠵᠢᠭᠤᠯᠤᠭᠴᠢ ᠶᠢᠨ ᠲᠤᠬᠠᠶᠢᠯᠠᠭᠰᠠᠨ ᠠᠵᠢᠯ ᠤᠨ ᠦᠢᠯᠡᠳᠪᠦᠷᠢᠯᠡᠵᠦ ᠡᠳ᠋ᠰᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠣᠮᠣ ᠳ᠋ᠠᠶᠢᠲ᠋ᠠ ᠶᠢᠨ ᠤᠶᠢᠯᠡᠴᠢᠯᠡᠭᠡᠨ ᠤ ᠪᠣᠬᠢᠷᠲᠤᠯ ᠥᠬᠡᠶ ᠡᠭᠡᠭᠦᠯᠦᠨ ᠬᠤᠷᠢᠶᠠᠵᠤ ᠰᠢᠢᠳᠪᠦᠷᠢᠯᠡᠬᠦ ᠲᠥᠷᠥᠯ ᠵᠦᠢᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ᠂ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠥᠰᠥᠭ ᠵᠢᠷᠤᠪᠠ᠃ ᠲᠡᠷᠡ᠂ ᠦᠢᠯᠡᠴᠢᠯᠡᠭᠦᠷ ᠢ ᠡᠭᠡᠭᠦᠯᠦᠨ ᠬᠤᠷᠢᠶᠠᠬᠤ ᠠᠵᠢᠯ ᠨᠢ ᠲᠤᠮᠤ ᠳ᠋ᠠᠶᠢᠲ᠋ᠠ ᠶᠢᠨ ᠠᠵᠤ ᠦᠢᠯᠡᠰ ᠤᠨ ᠳᠤᠤᠷᠠᠳᠤ ᠬᠡᠯᠬᠢᠶ᠎ᠡ ᠳᠤ ᠬᠠᠷᠢᠶᠠᠯᠠᠭᠳᠠᠨ᠎ᠠ᠂ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠦᠢᠯᠡᠴᠢᠯᠡᠭᠡ ᠶᠢ ᠡᠭᠡᠭᠦᠯᠦᠨ ᠬᠤᠷᠢᠶᠠᠬᠤ ᠠᠵᠤ ᠦᠢᠯᠡᠰ ᠢ ᠬᠦᠴᠦ ᠪᠠᠨ ᠬᠠᠮᠲᠤᠳᠬᠠᠨ ᠵᠢᠷᠤᠮᠵᠢᠭᠤᠯᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠤᠯᠠᠮ ᠴᠢᠨᠠᠭᠰᠢᠳᠠ ᠥᠷᠭᠡᠳᠬᠡᠵᠦ᠂ ᠨᠡᠩ ᠤᠯᠠᠨ ᠬᠠᠮᠲᠤᠷᠠᠯᠴᠠᠭᠠᠨ ᠤ ᠲᠦᠷᠦᠯ ᠵᠦᠢᠯ ᠢ ᠢᠳᠡᠪᠬᠢᠲᠡᠢ ᠰᠦᠪᠡᠭᠴᠢᠯᠡᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠰᠢᠨ᠎ᠡ ᠶᠢ ᠡᠭᠦᠳᠦᠨ ᠬᠥᠭᠵᠢᠬᠦ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃     ᠨᠥᠸᠧ ᠳ᠋ᠧ ᠬᠤᠢ ᠵᠧᠦ ᠬᠠᠮᠲᠤᠷᠠᠭᠰᠠᠨ ᠵᠡᠰ ᠢᠯᠲᠠᠰᠤ ᠶᠢᠨ ᠡᠯᠧᠺᠲᠷᠣᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ᠂ ᠬᠤᠶᠠᠷ ᠲᠠᠯ᠎ᠠ ᠪᠠᠷ ᠢᠶᠠᠨ ᠨᠣᠭᠤᠭᠠᠨ ᠲᠢᠲ᠋ᠠᠨ ᠤ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠲᠣᠭᠤᠷᠢᠨ ᠳᠤ ᠭᠦᠨᠵᠡᠭᠡᠢ ᠶᠠᠷᠢᠯᠴᠠᠨ ᠰᠣᠯᠢᠯᠴᠠᠪᠠ᠃ ᠴᠢ ᠹᠸᠢ ᠶᠦᠨ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠪᠠ ᠦᠢᠯᠡᠳᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠬᠦ ᠪᠠᠷ ᠭᠤᠣᠯ ᠰᠢᠵᠢᠮ ᠪᠣᠯᠭᠠᠵᠤ᠂ ᠤᠯᠠᠭᠠᠨᠴᠠᠪ ᠤᠨ ᠤᠨᠴᠠᠯᠢᠬᠳᠤ ᠠᠵᠤ ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠦᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠤᠷᠲᠤᠳᠬᠠᠬᠤ ᠳᠤ ᠢᠳᠡᠪᠬᠢᠲᠡᠢ ᠳᠡᠮᠵᠢᠬᠦ ᠶᠢ ᠬᠦᠰᠡᠵᠦ ᠪᠠᠶᠢᠨ᠎ᠠ᠃ ᠤᠯᠠᠭᠠᠨᠴᠠᠪ ᠪᠥᠬᠦ ᠬᠦᠴᠦᠨ ᠵᠦᠢᠯ ᠢᠶᠠᠷ ᠪᠠᠲᠤᠯᠠᠭ᠎ᠠ ᠬᠠᠩᠭᠠᠵᠤ᠂ ᠪᠥᠬᠦ ᠬᠡᠯᠬᠢᠶ᠎ᠡ ᠪᠠᠷ ᠦᠢᠯᠡᠴᠢᠯᠡᠭᠡ ᠶᠢ ᠰᠠᠶᠢᠲᠤᠷ ᠬᠢᠵᠦ᠂ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ ︽ᠥᠪᠡᠷ ᠤᠨ ᠥᠷᠲᠡᠭ ᠤᠨ ᠳᠣᠣᠷ᠎ᠠ ᠭᠠᠵᠠᠷ︾ ᠢ ᠪᠥᠬᠦ ᠬᠦᠴᠦᠨ ᠢᠶᠠᠷ ᠢᠶᠠᠨ ᠴᠣᠭᠴᠠᠯᠠᠵᠤ᠂ ᠥᠷᠭᠡᠨ ᠣᠯᠠᠨ ᠠᠵᠤ ᠠᠬᠤᠶᠢᠯᠠᠯᠲᠠᠨ ᠤ ᠪᠠᠯᠠ ᠣᠷᠣᠭᠤᠯᠤᠯᠲᠠ ᠶᠢ ᠰᠠᠨᠠᠭ᠎ᠠ ᠠᠮᠤᠷ᠂ ᠠᠳᠠᠯ ᠦᠢᠯᠡᠰ ᠴᠣᠭᠴᠠᠯᠠᠬᠤ ᠳᠤ ᠰᠠᠨᠠᠭ᠎ᠠ ᠠᠮᠤᠷ᠂ ᠬᠥᠭᠵᠢᠯᠲᠡ ᠳᠤ ᠤᠷᠤᠭᠰᠢᠲᠠᠶ ᠪᠣᠯᠭᠠᠨ᠎ᠠ ᠭᠡᠵᠦ ᠢᠯᠡᠳᠬᠡᠪᠡ᠃     ᠬᠤᠳᠠ ᠶᠢᠨ ᠤᠳᠤᠷᠢᠳᠤᠯᠭ᠎ᠠ ᠢᠦᠢ ᠬᠠᠢ ᠴᠧᠩ ᠰᠢᠨᠵᠢᠯᠡᠨ ᠪᠠᠶᠢᠴᠠᠭᠠᠬᠤ ᠶᠠᠷᠢᠯᠴᠠᠬᠤ ᠬᠤᠷᠠᠯ ᠳᠤ ᠣᠷᠣᠯᠴᠠᠪᠠ᠃                           ᠣᠷᠴᠢᠭᠤᠯᠤᠭᠴᠢ᠄ ᠭᠤᠸ᠎ᠠ                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2