ᠯᠢᠶᠠᠩᠴᠧᠩ ᠰᠢᠶᠠᠨ ᠤ ᠪᠠᠶᠢᠭᠤᠯᠵᠤ ᠪᠠᠶᠢᠭ᠎ᠠ ︽ᠤᠯᠠᠭᠠᠨᠴᠠᠪ ᠤᠨ 150 ᠲᠦᠮᠡᠨ ᠺᠢᠯᠣᠸᠠᠲ ᠤᠨ ᠲᠣᠮᠣ | ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ︾ ᠤᠨ | ᠶᠡᠷᠦᠩᠬᠡᠶ ᠪᠠᠯᠠ ᠣᠷᠣᠭᠤᠯᠤᠯᠲᠠ ᠨᠢ 49.75 ᠳ᠋ᠦᠩᠰᠢᠭᠤᠷ ᠲᠥᠭᠦᠷᠢᠭ ᠪᠠᠶᠢᠵᠤ᠂ ᠰᠠᠯᠬᠢᠨ ᠬᠦᠴᠦᠨ ᠤ ᠴᠠᠬᠢᠯᠭᠠᠨ | ᠭᠠᠷᠭᠠᠬᠤ ᠮᠠᠰᠢᠨ ᠴᠣᠭᠴᠠᠯᠠᠪᠤᠷᠢ ᠶᠢ 225 ᠤᠭᠰᠠᠷᠠᠵᠤ᠂ 220 ᠺᠢᠯᠣᠸᠠᠲ ᠤᠨ ᠬᠦᠴᠦᠳᠡᠯ ᠳᠡᠭᠡᠭᠰᠢᠯᠡᠭᠦᠯᠬᠦ | ᠥᠷᠲᠡᠭᠡ ᠶᠢ 3 ᠢᠵᠢ ᠪᠦᠷᠢᠳᠦᠭᠦᠯᠦᠨ ᠪᠠᠶᠢᠭᠤᠯᠬᠤ ᠪᠠᠷ ᠪᠠᠶᠢᠨ᠎ᠠ᠃ ᠲᠥᠷᠥᠯ ᠵᠦᠢᠯ ᠤᠨ ᠭᠠᠷᠭᠠᠭᠰᠠᠨ ᠴᠠᠬᠢᠯᠭᠠᠨ | ᠬᠦᠴᠦᠨ ᠢ ︽ᠳᠠᠭ᠎ᠠ ᠶᠢᠨ ᠨᠠᠭᠤᠷ - ᠸᠠᠨ ᠴᠢᠤᠸᠠᠨ - ᠱᠦᠨ ᠢ︾ ᠶᠢᠨ 500kV ᠴᠠᠬᠢᠯᠭᠠᠨ ᠬᠦᠷᠭᠡᠬᠦ | ᠱᠤᠭᠤᠮ ᠢᠶᠠᠷ ᠪᠡᠭᠡᠵᠢᠩ ᠲᠢᠶᠠᠨᠵᠢᠨ ᠾᠧᠪᠧᠢ ᠶᠢᠨ ᠭᠠᠵᠠᠷ ᠣᠷᠣᠨ ᠳᠤ ᠬᠦᠷᠭᠡᠨ᠎ᠡ᠃ | ᠲᠥᠷᠥᠯ ᠵᠦᠢᠯ ᠨᠢ 2024 ᠣᠨ ᠤ 10 ᠰᠠᠷ᠎ᠠ ᠶᠢᠨ ᠰᠡᠭᠦᠯᠴᠢ ᠠᠴᠠ ᠡᠮᠦᠨ᠎ᠡ 150 ᠲᠦᠮᠡᠨ | ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠢ ᠪᠦᠬᠦᠨ ᠢ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠪᠠᠷ | ᠲᠥᠯᠥᠪᠯᠡᠵᠦ ᠪᠣᠶ︔ ᠣᠲᠣ ᠪᠣᠯᠲᠠᠯ᠎ᠠ᠂ 225 ᠰᠠᠯᠬᠢᠨ ᠬᠦᠴᠦᠨ ᠤ ᠮᠠᠰᠢᠨ ᠤ 217 ᠶᠢ ᠨᠢ ᠨᠢᠭᠡᠨᠲᠡ ᠮᠠᠯᠲᠠᠵᠤ᠂ | 213 ᠪᠠᠷᠢᠯᠭ᠎ᠠ ᠴᠢᠳᠬᠤᠵᠤ᠂ ᠪᠠᠷᠢᠯᠭ᠎ᠠ ᠴᠢᠳᠬᠤᠬᠤ ᠠᠬᠢᠴᠠ ᠶᠢ 94.6% ᠳᠤ ᠬᠦᠷᠭᠡᠪᠡ︔ ᠨᠢᠭᠡᠨᠲᠡ 210 | ᠰᠠᠯᠬᠢᠨ ᠬᠦᠴᠦᠨ ᠤ ᠮᠠᠰᠢᠨ ᠤ ᠳᠡᠭᠦᠵᠢᠯᠡᠨ ᠤᠭᠰᠠᠷᠠᠯᠳᠠ ᠶᠢ ᠪᠡᠶᠡᠯᠡᠭᠦᠯᠵᠦ᠂ ᠳᠡᠭᠦᠵᠢᠯᠡᠨ ᠤᠭᠰᠠᠷᠠᠬᠤ ᠠᠬᠢᠴᠠ ᠶᠢ | 93.3% ᠳᠤ ᠬᠦᠷᠭᠡᠪᠡ︔ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠭᠰᠠᠨ 3 ᠰᠠᠭᠤᠷᠢ 220 | ᠺᠢᠯᠣᠸᠠᠲ ᠤᠨ ᠬᠦᠴᠦᠳᠡᠯ ᠳᠡᠭᠡᠭᠰᠢᠯᠡᠭᠦᠯᠬᠦ ᠥᠷᠲᠡᠭᠡ ᠶᠢ ᠪᠦᠬᠦᠨ ᠢ ᠠᠰᠢᠭᠯᠠᠯᠲᠠ ᠳᠤ ᠣᠷᠣᠭᠤᠯᠪᠠ︔186 | ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠴᠠᠬᠢᠯᠭᠠᠨ | ᠭᠠᠷᠭᠠᠬᠤ ᠴᠢᠳᠠᠮᠵᠢ 123.876 ᠲᠦᠮᠡᠨ ᠺᠢᠯᠣᠸᠠᠲ ᠲᠤ ᠬᠦᠷᠪᠡ᠃ | ᠲᠣᠰ ᠲᠥᠷᠥᠯ ᠵᠦᠢᠯ ᠨᠢ 2023 ᠣᠨ ᠳᠤ 24 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠪᠡᠶᠡᠯᠡᠭᠦᠯᠵᠦ᠂ 2024 ᠣᠨ ᠳᠤ 25.75 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ | ᠪᠣᠶ ︵1 - 10 ᠰᠠᠷ᠎ᠠ ᠳᠤ ᠨᠢᠭᠡᠨᠲᠡ 22.45 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠪᠡᠶᠡᠯᠡᠭᠦᠯᠪᠡ︶᠃ | | | | | |