ᠤᠯᠠᠭᠠᠨᠴᠠᠪ ᠤᠨ 150 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠰᠠᠯᠬᠢᠨ ᠬᠦᠴᠦᠨ ᠤ ᠮᠠᠰᠢᠨ ᠤ ᠳᠡᠭᠦᠵᠢᠯᠡᠨ ᠤᠭᠰᠠᠷᠠᠬᠤ ᠠᠬᠢᠴᠠ ᠨᠢᠭᠡᠨᠲᠡ 92.3% ᠳᠤ ᠬᠦᠷᠪᠠ
ᠨᠡᠶᠢᠲᠡᠯᠡᠭᠰᠡᠨ ᠴᠠᠭ᠄
2024/11/21
   ᠯᠢᠶᠠᠩᠴᠧᠩ ᠰᠢᠶᠠᠨ ᠤ ᠪᠠᠶᠢᠭᠤᠯᠵᠤ ᠪᠠᠶᠢᠭ᠎ᠠ ︽ᠤᠯᠠᠭᠠᠨᠴᠠᠪ ᠤᠨ 150 ᠲᠦᠮᠡᠨ ᠺᠢᠯᠣᠸᠠᠲ ᠤᠨ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ︾ ᠤᠨ ᠶᠡᠷᠦᠩᠬᠡᠶ ᠪᠠᠯᠠ ᠣᠷᠣᠭᠤᠯᠤᠯᠲᠠ ᠨᠢ 49.75 ᠳ᠋ᠦᠩᠰᠢᠭᠤᠷ ᠲᠥᠭᠦᠷᠢᠭ ᠪᠠᠶᠢᠵᠤ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ 225 ᠤᠭᠰᠠᠷᠠᠵᠤ᠂ 220 ᠺᠢᠯᠣᠸᠠᠲ ᠤᠨ ᠬᠦᠴᠦᠳᠡᠯ ᠳᠡᠭᠡᠭᠰᠢᠯᠡᠭᠦᠯᠬᠦ ᠥᠷᠲᠡᠭᠡ ᠶᠢ 3 ᠢᠵᠢ ᠪᠦᠷᠢᠳᠦᠭᠦᠯᠦᠨ ᠪᠠᠶᠢᠭᠤᠯᠬᠤ ᠪᠠᠷ ᠪᠠᠶᠢᠨ᠎ᠠ᠃ ᠲᠥᠷᠥᠯ ᠵᠦᠢᠯ ᠤᠨ ᠭᠠᠷᠭᠠᠭᠰᠠᠨ ᠴᠠᠬᠢᠯᠭᠠᠨ ᠬᠦᠴᠦᠨ ᠢ ︽ᠳᠠᠭ᠎ᠠ ᠶᠢᠨ ᠨᠠᠭᠤᠷ - ᠸᠠᠨ ᠴᠢᠤᠸᠠᠨ - ᠱᠦᠨ ᠢ︾ ᠶᠢᠨ 500kV ᠴᠠᠬᠢᠯᠭᠠᠨ ᠬᠦᠷᠭᠡᠬᠦ ᠱᠤᠭᠤᠮ ᠢᠶᠠᠷ ᠪᠡᠭᠡᠵᠢᠩ ᠲᠢᠶᠠᠨᠵᠢᠨ ᠾᠧᠪᠧᠢ ᠶᠢᠨ ᠭᠠᠵᠠᠷ ᠣᠷᠣᠨ ᠳᠤ ᠬᠦᠷᠭᠡᠨ᠎ᠡ᠃    ᠲᠥᠷᠥᠯ ᠵᠦᠢᠯ ᠨᠢ 2024 ᠣᠨ ᠤ 10 ᠰᠠᠷ᠎ᠠ ᠶᠢᠨ ᠰᠡᠭᠦᠯᠴᠢ ᠠᠴᠠ ᠡᠮᠦᠨ᠎ᠡ 150 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠢ ᠪᠦᠬᠦᠨ ᠢ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠪᠠᠷ ᠲᠥᠯᠥᠪᠯᠡᠵᠦ ᠪᠣᠶ︔ ᠣᠲᠣ ᠪᠣᠯᠲᠠᠯ᠎ᠠ᠂ 225 ᠰᠠᠯᠬᠢᠨ ᠬᠦᠴᠦᠨ ᠤ ᠮᠠᠰᠢᠨ ᠤ 217 ᠶᠢ ᠨᠢ ᠨᠢᠭᠡᠨᠲᠡ ᠮᠠᠯᠲᠠᠵᠤ᠂ 213 ᠪᠠᠷᠢᠯᠭ᠎ᠠ ᠴᠢᠳᠬᠤᠵᠤ᠂ ᠪᠠᠷᠢᠯᠭ᠎ᠠ ᠴᠢᠳᠬᠤᠬᠤ ᠠᠬᠢᠴᠠ ᠶᠢ 94.6% ᠳᠤ ᠬᠦᠷᠭᠡᠪᠡ︔ ᠨᠢᠭᠡᠨᠲᠡ 210 ᠰᠠᠯᠬᠢᠨ ᠬᠦᠴᠦᠨ ᠤ ᠮᠠᠰᠢᠨ ᠤ ᠳᠡᠭᠦᠵᠢᠯᠡᠨ ᠤᠭᠰᠠᠷᠠᠯᠳᠠ ᠶᠢ ᠪᠡᠶᠡᠯᠡᠭᠦᠯᠵᠦ᠂ ᠳᠡᠭᠦᠵᠢᠯᠡᠨ ᠤᠭᠰᠠᠷᠠᠬᠤ ᠠᠬᠢᠴᠠ ᠶᠢ 93.3% ᠳᠤ ᠬᠦᠷᠭᠡᠪᠡ︔ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠭᠰᠠᠨ 3 ᠰᠠᠭᠤᠷᠢ 220 ᠺᠢᠯᠣᠸᠠᠲ ᠤᠨ ᠬᠦᠴᠦᠳᠡᠯ ᠳᠡᠭᠡᠭᠰᠢᠯᠡᠭᠦᠯᠬᠦ ᠥᠷᠲᠡᠭᠡ ᠶᠢ ᠪᠦᠬᠦᠨ ᠢ ᠠᠰᠢᠭᠯᠠᠯᠲᠠ ᠳᠤ ᠣᠷᠣᠭᠤᠯᠪᠠ︔186 ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠴᠠᠬᠢᠯᠭᠠᠨ ᠭᠠᠷᠭᠠᠬᠤ ᠴᠢᠳᠠᠮᠵᠢ 123.876 ᠲᠦᠮᠡᠨ ᠺᠢᠯᠣᠸᠠᠲ ᠲᠤ ᠬᠦᠷᠪᠡ᠃    ᠲᠣᠰ ᠲᠥᠷᠥᠯ ᠵᠦᠢᠯ ᠨᠢ 2023 ᠣᠨ ᠳᠤ 24 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 2024 ᠣᠨ ᠳᠤ 25.75 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ ︵1 - 10 ᠰᠠᠷ᠎ᠠ ᠳᠤ ᠨᠢᠭᠡᠨᠲᠡ 22.45 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ︶᠃    
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2