ᠬᠤᠲᠠ ᠶᠢᠨ ᠨᠠᠮ ᠤᠨ ᠬᠤᠷᠢᠶᠠᠨ ᠤ ᠰᠤᠳᠤᠯᠤᠯᠲᠠ ᠪᠠᠷ ᠳᠠᠮᠵᠢᠭᠠᠳ ᠳᠣᠣᠷᠠᠬᠢ 3 ᠺᠠᠳ᠋ᠷ ᠢ ᠵᠠᠷᠯᠠᠨ ᠨᠡᠢᠲᠡᠯᠡᠨ᠎ᠡ᠃ | | ᠨᠢᠭᠡ᠂ ᠵᠠᠷᠯᠠᠨ ᠨᠡᠶᠢᠲᠡᠯᠡᠬᠦ ᠨᠡᠷᠡᠰ | ᠵᠢᠶᠠ ᠾᠧ ᠵᠧᠨ᠂ ᠡᠷᠡᠭᠲᠡᠶ᠂ ᠬᠢᠲᠠᠳ ᠦᠨᠳᠦᠰᠦᠲᠡᠨ᠂ 1975 ᠣᠨ ᠤ 10 ᠰᠠᠷ᠎ᠠ ᠳᠤ ᠳᠦᠷᠦᠵᠡᠶ᠂ | ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ | ᠣᠲᠣ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠪᠥᠭᠡᠳ ᠬᠤᠲᠠ ᠶᠢᠨ | ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠲᠠᠢ᠃ | ᠢᠦᠢ ᠶᠢᠨ ᠸᠠᠩ᠂ ᠡᠷᠡᠭᠲᠡᠶ᠂ ᠬᠢᠲᠠᠳ ᠦᠨᠳᠦᠰᠦᠲᠡᠨ᠂ 1966 ᠣᠨ ᠤ 10 ᠰᠠᠷ᠎ᠠ ᠳᠤ ᠲᠦᠷᠦᠵᠠᠢ᠂ | ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠤᠯ | ᠨᠢ ᠤᠯᠠᠭᠠᠨᠴᠠᠪ ᠤᠨ ᠷᠠᠳᠢᠣ᠋ ᠲᠧᠯᠸᠢᠰ ᠤᠨ ᠶᠡᠭᠡ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠢ ᠬᠠᠷᠢᠭᠤᠴᠠᠵᠤ᠂ | ᠤᠳᠤ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠶ᠎ᠠ ᠵᠢᠩᠬᠢᠨᠢ ᠭᠠᠵᠠᠷ ᠤᠨ ᠲᠠᠰ ᠤᠨ ᠠᠵᠢᠯ | ᠦᠢᠯᠡᠰ ᠤᠨ ᠨᠢᠭᠡᠴᠢ ᠶᠢᠨ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠬᠤ ᠪᠠᠷ ᠪᠠᠶᠢᠨ᠎ᠠ᠃ | ᠸᠠᠩ ᠶᠠᠩ᠂ ᠡᠷᠡᠭᠲᠡᠶ᠂ ᠬᠢᠲᠠᠳ ᠦᠨᠳᠦᠰᠦᠲᠡᠨ᠂ 1976 ᠣᠨ ᠤ 9 ᠰᠠᠷ᠎ᠠ ᠳᠤ ᠳᠦᠷᠦᠵᠡᠶ᠂ | ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ᠂ ᠬᠤᠲᠠ ᠶᠢᠨ | ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠶ᠎ᠠ ᠵᠢᠩᠬᠢᠨᠢ ᠭᠠᠵᠠᠷ ᠤᠨ ᠲᠠᠰ ᠤᠨ ᠠᠵᠢᠯ ᠦᠢᠯᠡᠰ ᠤᠨ ᠨᠢᠭᠡᠴᠢ ᠶᠢᠨ | ᠵᠢᠩᠬᠢᠨᠢ ᠲᠤᠰᠢᠶᠠᠯ ᠳᠤ ᠨᠡᠷ᠎ᠡ ᠳᠤᠷᠠᠳᠬᠤ ᠪᠠᠷ ᠪᠠᠶᠢᠨ᠎ᠠ᠃ | ᠬᠤᠶᠠᠷ᠂ ᠵᠠᠷᠯᠠᠨ ᠨᠡᠶᠢᠲᠡᠯᠡᠬᠦ ᠴᠠᠭ | ᠵᠠᠷᠯᠠᠨ ᠨᠡᠶᠢᠲᠡᠯᠡᠬᠦ ᠴᠠᠭ ᠨᠢ 2024 ᠣᠨ ᠤ 11 ᠰᠠᠷ᠎ᠠ ᠶᠢᠨ 23 ᠤ ᠡᠳᠦᠷ ᠠᠴᠠ 11 ᠰᠠᠷ᠎ᠠ ᠶᠢᠨ 29 ᠤ | ᠡᠳᠦᠷ ᠪᠣᠯᠲᠠᠯ᠎ᠠ ᠶᠠᠪᠤᠭᠳᠠᠨ᠎ᠠ᠃ | ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ | ᠨᠢᠭᠡᠴᠢ ᠪᠠ ᠬᠤᠪᠢ ᠬᠥᠮᠦᠨ ᠰᠤᠷᠪᠤᠯᠵᠢᠯᠠᠭ᠎ᠠ᠂ ᠵᠠᠬᠢᠳᠠᠯ᠂ ᠳ᠋ᠢᠶᠠᠩᠬᠤᠸᠠ ᠵᠡᠷᠭᠡ ᠬᠡᠯᠪᠡᠷᠢ ᠪᠠᠷ ᠳᠡᠭᠡᠷ᠎ᠡ | ᠳᠤᠷᠠᠳᠤᠭᠰᠠᠨ ᠵᠠᠷᠯᠠᠨ ᠨᠡᠶᠢᠲᠡᠯᠡᠭᠰᠡᠨ ᠺᠠᠳ᠋ᠷ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ | ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠪᠠᠶᠢᠯᠭᠠᠬᠤ ᠶᠢᠨ ᠲᠥᠯᠥᠭᠡ᠂ | ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠵᠢᠴᠢ ᠲᠣᠰ ᠬᠥᠮᠦᠨ ᠤ ᠦᠨᠡᠨ ᠣᠪᠣᠭ | ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠭᠠᠷᠠᠢ᠂ | ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ | ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠬᠤ ᠪᠤᠯᠤᠨ᠎ᠠ᠃ | ᠵᠠᠷᠯᠠᠨ ᠨᠡᠶᠢᠲᠡᠯᠡᠬᠦ ᠠᠯᠪᠠᠨ ᠭᠡᠷ ᠢ ᠬᠤᠲᠠ ᠶᠢᠨ ᠨᠠᠮ ᠵᠠᠰᠠᠭ ᠤᠨ ᠲᠣᠮᠣ ᠠᠰᠠᠷ ᠤᠨ 916 ᠥᠷᠥᠭᠡᠨ ᠳᠤ | ᠲᠣᠬᠢᠷᠠᠭᠤᠯᠪᠠ᠃ | ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 - 12᠄00᠂ | ᠦᠳᠡ ᠶᠢᠨ ᠬᠤᠶᠢᠨ᠎ᠠ 14᠄ 30 - 18᠄ 00᠃ | ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ ︵0474474︶ 12380 | ᠣᠨᠴᠠᠭᠠᠶᠢᠯᠠᠨ ᠵᠠᠷᠯᠠᠪᠠ | | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠬᠤᠷᠢᠶ᠎ᠠ ᠶᠢᠨ | ᠵᠣᠬᠢᠶᠠᠨ ᠪᠠᠢᠭᠤᠯᠬᠤ ᠬᠡᠯᠲᠡᠰ | 2024 ᠣᠨ ᠤ 11 ᠰᠠᠷ᠎ᠠ ᠶᠢᠨ 22 ᠤᠨ ᠡᠳᠦᠷ | | | |