ᠵᠢᠷᠤᠭᠲᠤ ᠮᠡᠳᠡᠭᠡ
ᠨᠡᠶᠢᠲᠡᠯᠡᠭᠰᠡᠨ ᠴᠠᠭ᠄
2024/11/27
     11 ᠰᠠᠷ᠎ᠠ ᠶᠢᠨ 23 ᠤ ᠡᠳᠦᠷ᠂ ᠵᠢᠶᠠᠩᠰᠦ ᠶᠢᠨ ᠨᠠᠨᠵᠢᠩ ᠳᠤ ᠠᠮᠢᠳᠤᠷᠠᠳᠠᠭ᠂ ᠡᠨᠡ ᠵᠢᠯ ᠨᠢᠭᠡᠨᠲᠡ 70 ᠨᠠᠰᠤᠲᠠᠶ ᠬᠠᠩ ᠴᠢᠶᠣᠤ ᠶᠦᠨ᠂ ᠬᠠᠨᠢ᠂ ᠬᠦᠤ᠂ ᠬᠦᠤ ᠪᠡᠷᠢ᠂ ᠥᠬᠢᠨ᠂ ᠬᠦᠷᠭᠡᠨ ᠵᠢᠴᠢ ᠣᠮᠪᠣᠯᠣ ᠥᠬᠢᠨ ᠢᠶᠠᠨ ᠳᠠᠭᠠᠭᠤᠯᠵᠤ᠂ ᠪᠥᠬᠦ ᠬᠡᠷ ᠢᠶᠠᠷ ᠢᠶᠠᠨ ᠳᠣᠯᠣᠭᠤᠯᠠ 1500 ᠭᠠᠷᠤᠶ ᠺᠢᠯᠣᠮᠧᠲᠷ ᠤᠨ ᠴᠠᠭᠠᠨᠠᠬᠢ ᠳᠥᠷᠪᠡᠳ ᠬᠤᠰᠢᠭᠤᠨ ᠳᠤ ᠬᠦᠷᠴᠦ᠂ ︽ᠲᠠᠯ᠎ᠠ ᠨᠤᠲᠤᠭ ᠤᠨ ᠡᠵᠢ︾ ᠳᠦᠭᠢᠮ᠎ᠡ ᠶᠢ ᠪᠣᠯᠭᠤᠭᠠᠨ ᠦᠵᠡᠪᠡ᠃
    64 ᠵᠢᠯ ᠤᠨ ᠡᠮᠦᠨ᠎ᠡ᠂ ᠬᠠᠩ ᠴᠢᠶᠣᠣ ᠶᠦᠨ 3 ᠨᠠᠰᠤᠲᠠᠢ ᠳᠡᠭᠦᠦ ᠲᠠᠢ ᠪᠠᠨ ᠱᠠᠩᠬᠠᠢ ᠳᠤ ᠣᠴᠢᠬᠤ ᠭᠠᠯᠲᠤ ᠲᠡᠷᠭᠡᠨ ᠳᠡᠭᠡᠷ᠎ᠡ ᠵᠣᠯ ᠪᠤᠰᠤ ᠪᠠᠷ ᠰᠠᠯᠤᠯᠴᠠᠵᠠᠢ᠃ ᠰᠡᠭᠦᠯᠡᠷ ᠨᠢ ᠳᠡᠬᠦᠦ ᠨᠢ  ︽ᠥᠪᠥᠷ ᠮᠣᠩᠭᠤᠯ ᠳᠤ ᠦᠷᠡᠴᠢᠯᠡᠨ ᠲᠡᠵᠢᠭᠡᠭᠰᠡᠨ ᠭᠤᠷᠪᠠᠨ ᠮᠢᠩᠭᠠᠨ ᠥᠨᠥᠴᠢᠨ ᠬᠡᠦᠭᠡᠳ︾ ᠤᠨ ᠨᠢᠭᠡᠨ ᠪᠤᠯᠵᠦ᠂ ᠪᠣᠰᠣᠳ 27 ᠦᠨᠦᠴᠢᠨ ᠬᠡᠤᠭᠡᠳ ᠤᠨ ᠬᠠᠮᠲᠤ ᠲᠦᠷᠪᠡᠳ ᠬᠤᠰᠢᠭᠤᠨ ᠤ ᠡᠷᠡᠭᠦᠯᠵᠢᠯ ᠤᠨ ᠦᠷᠳᠡᠭᠡᠨ ᠳᠤ ᠬᠦᠷᠭᠡᠭᠳᠡᠵᠡᠢ᠃ ᠲᠤᠬᠠᠶ ᠶᠢᠨ ᠦᠶ᠎ᠡ ᠳᠤ 19 ᠨᠠᠰᠤᠲᠠᠶ ᠲᠦᠬᠢᠮ᠎ᠠ 28 ᠥᠨᠥᠴᠢᠨ ᠬᠡᠦᠬᠡᠳ ᠢ ᠬᠠᠷᠠᠭᠠᠯᠵᠠᠬᠤ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠡᠶ᠃ ᠬᠠᠩ ᠴᠢᠶᠣᠤ ᠶᠦᠨ ᠤ ᠳᠡᠭᠦᠦ ︵ᠣᠳᠤ ᠶᠢᠨ ᠨᠡᠷ᠎ᠡ ᠵᠠᠯᠭᠠᠮᠵᠢ︶ ᠪᠣᠯ 28 ᠥᠨᠥᠴᠢᠨ ᠬᠡᠦᠬᠡᠳ ᠤᠨ ᠳᠣᠲᠣᠷ᠎ᠠ ᠬᠠᠮᠤᠭ ᠤᠨ ᠰᠡᠭᠦᠯᠴᠢ ᠶᠢᠨ ᠪᠦᠯᠦᠭ ᠦᠷᠡᠴᠢᠯᠡᠭᠳᠡᠭᠰᠡᠨ ᠬᠡᠦᠬᠡᠳ ᠤᠨ ᠨᠢᠭᠡ ᠨᠢ᠂ ᠮᠥᠨ ᠴᠤ ᠳᠦᠭᠢᠮ᠎ᠡ ᠡᠵᠢ ᠶᠢᠨ ᠳᠡᠷᠭᠡᠲᠡ ᠬᠠᠮᠤᠭ ᠤᠨ ᠤᠳᠠᠭᠠᠨ ᠦᠯᠡᠳᠡᠭᠰᠡᠨ ᠬᠡᠦᠬᠡᠳ ᠨᠢ ᠪᠣᠯᠣᠨ᠎ᠠ᠃
    ᠲᠦᠷᠦᠭᠦᠬᠡᠨ᠂ 67 ᠨᠠᠰᠤᠲᠠᠶ ᠵᠠᠯᠭᠠᠮᠵᠢ ᠰᠢᠯᠢ ᠶᠢᠨ ᠭᠤᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠠᠪᠰᠤᠷᠤᠯᠭ᠎ᠠ ᠪᠠᠷ ᠵᠢᠶᠠᠩᠰᠦ ᠳᠤ ᠪᠠᠶᠢᠭᠰᠠᠨ ᠣᠶᠢᠷ᠎ᠠ ᠰᠠᠳᠤᠨ ᠢᠶᠠᠨ ᠣᠯᠵᠤ᠂ 11 ᠰᠠᠷ᠎ᠠ ᠶᠢᠨ 16 ᠳᠤ ᠭᠤᠷᠪᠠᠨ ᠥᠬᠢᠨ ᠢᠶᠠᠨ ᠳᠠᠭᠠᠭᠤᠯᠤᠨ ᠵᠢᠶᠠᠩᠰᠦ ᠶᠢᠨ ᠨᠠᠨᠵᠢᠩ ᠳᠤ ᠬᠦᠷᠴᠦ ᠣᠶᠢᠷ᠎ᠠ ᠰᠠᠳᠤᠨ ᠢᠶᠠᠨ ᠲᠠᠨᠢᠪᠠ᠃ ︵ᠤᠯᠠᠭᠠᠨᠴᠠᠪ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠲᠠᠩ ᠰᠢᠤᠸᠠᠨ ᠪᠥᠸᠧ ᠰᠡᠭᠦᠳᠡᠷᠯᠡᠪᠡ︶
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2