︽ᠤᠯᠠᠭᠠᠨᠴᠠᠪ ᠬᠤᠲᠠ ᠶᠢᠨ ᠪᠠᠶᠢᠭᠠᠯᠢ ᠶᠢᠨ ᠰᠢᠲᠠᠮᠠᠬᠠᠶ ᠬᠡᠢ ᠶᠢᠨ ᠳᠡᠭᠡᠳᠦ ᠳᠣᠤᠷᠠᠳᠤ ᠤᠷᠤᠰᠬᠠᠯ ᠤᠨ ᠦᠨ᠎ᠡ ᠬᠠᠩᠰᠢ ᠶᠢᠨ ᠬᠠᠮᠳᠤᠷᠠᠨ ᠬᠥᠳᠡᠯᠦᠯᠴᠡᠬᠦ ᠲᠣᠭᠲᠠᠴᠠ︾ ᠶᠢ ᠪᠠᠶᠢᠭᠤᠯᠬᠤ ᠲᠤᠬᠠᠶ ᠭᠡᠷᠡᠴᠢᠯᠡᠭᠡ ᠰᠣᠨᠣᠰᠬᠤ ᠬᠤᠷᠠᠯ ᠢ ᠬᠤᠷᠠᠯᠳᠤᠭᠤᠯᠬᠤ ᠲᠤᠬᠠᠶ ᠠᠯᠪᠠᠨ ᠵᠠᠷ ︵ᠬᠤᠶᠠᠷ︶
ᠨᠡᠶᠢᠲᠡᠯᠡᠭᠰᠡᠨ ᠴᠠᠭ᠄
2024/11/28
   ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠵᠠᠰᠠᠭ ᠤᠨ ᠣᠷᠳᠣᠨ ᠤ ᠦᠨ᠎ᠡ ᠬᠠᠩᠰᠢ ᠶᠢᠨ ᠰᠢᠢᠳᠪᠦᠷᠢᠲᠦ ᠪᠣᠳᠣᠯᠭ᠎ᠠ ᠶᠢᠨ ᠠᠷᠠᠳᠴᠢᠯᠠᠯᠳᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠪᠠ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾᠂ ︽ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠡᠷᠡᠴᠢᠯᠡᠭᠡ ᠰᠣᠨᠣᠰᠬᠤ ᠠᠷᠭ᠎ᠠ︾ ᠶᠢ ᠲᠣᠭᠲᠠᠭᠠᠬᠤ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ︽ᠤᠯᠠᠭᠠᠨᠴᠠᠪ ᠬᠤᠲᠠ ᠶᠢᠨ ᠪᠠᠶᠢᠭᠠᠯᠢ ᠶᠢᠨ ᠰᠢᠲᠠᠮᠠᠬᠠᠶ ᠬᠡᠢ ᠶᠢᠨ ᠳᠡᠭᠡᠳᠦ ᠳᠣᠤᠷᠠᠳᠤ ᠤᠷᠤᠰᠬᠠᠯ ᠤᠨ ᠦᠨ᠎ᠡ ᠬᠠᠩᠰᠢ ᠶᠢᠨ ᠬᠠᠮᠳᠤᠷᠠᠨ ᠬᠥᠳᠡᠯᠦᠯᠴᠡᠬᠦ ᠲᠣᠭᠲᠠᠴᠠ︾ ᠶᠢᠨ ᠭᠡᠷᠡᠴᠢᠯᠡᠭᠡ ᠰᠣᠨᠣᠰᠬᠤ ᠬᠤᠷᠠᠯ ᠢ ᠬᠤᠷᠠᠯᠳᠤᠭᠤᠯᠬᠤ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠵᠠᠷᠯᠠᠶ᠎ᠠ᠄ᠨᠢᠭᠡ᠂ ᠭᠡᠷᠡᠴᠢᠯᠡᠭᠡ ᠰᠣᠨᠣᠰᠬᠤ ᠴᠠᠭ    2024 ᠣᠨ ᠤ 12 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨᠡᠬᠢ 9᠄ 30ᠬᠤᠶᠠᠷ᠂ ᠭᠡᠷᠡᠴᠢᠯᠡᠭᠡ ᠰᠣᠨᠣᠰᠬᠤ ᠭᠠᠵᠠᠷ    ᠳ᠋ᠦᠸᠧ ᠮᠧᠩ ᠳ᠋ᠧ ᠬᠤᠣ ᠱᠧᠩ ᠲᠣᠮᠣ ᠪᠠᠭᠤᠳᠠᠯ ᠤᠨ ᠨᠢᠭᠡᠳᠦᠭᠡᠷ ᠳᠠᠪᠬᠤᠷᠯᠢᠭ ᠤᠨ ᠯᠣᠰ ᠠᠩᠵᠧᠯᠧᠰ ᠤᠨ ᠲᠢᠩᠬᠢᠮᠭᠤᠷᠪᠠ᠂ ᠭᠡᠷᠡᠴᠢᠯᠡᠭᠡ ᠰᠣᠨᠣᠰᠬᠤ ᠲᠥᠰᠦᠯ ᠤᠨ ᠭᠤᠣᠯ ᠠᠭᠤᠯᠭ᠎ᠠ    ︽ᠪᠠᠶᠢᠭᠠᠯᠢ ᠶᠢᠨ ᠰᠢᠲᠠᠮᠠᠬᠠᠶ ᠬᠡᠢ ᠶᠢᠨ ᠦᠨ᠎ᠡ ᠬᠠᠩᠰᠢ ᠶᠢᠨ ᠳᠡᠭᠡᠳᠦ ᠳᠣᠤᠷᠠᠳᠤ ᠤᠷᠤᠰᠬᠠᠯ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠦᠨ᠎ᠡ ᠬᠠᠩᠰᠢ ᠦᠰᠦᠭ ︹2024︺ 266 ᠳ᠋ᠤᠭᠠᠷ ᠲᠣᠭᠠᠲᠤ︶ ᠤᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠣᠨᠴᠠᠭᠠᠶᠢᠯᠠᠨ ᠲᠣᠭᠲᠠᠭᠠᠪᠠ᠃    ︵ᠨᠢᠭᠡ︶ ᠬᠠᠮᠲᠤᠷᠠᠨ ᠬᠥᠳᠡᠯᠦᠯᠴᠡᠬᠦ ᠬᠡᠪᠴᠢᠶ᠎ᠡ᠃ ᠪᠠᠶᠢᠭᠠᠯᠢ ᠶᠢᠨ ᠰᠢᠲᠠᠮᠠᠬᠠᠶ ᠬᠡᠢ ᠶᠢᠨ ᠳᠡᠭᠡᠳᠦ ᠳᠣᠤᠷᠠᠳᠤ ᠤᠷᠤᠰᠬᠠᠯ ᠤᠨ ᠦᠨ᠎ᠡ ᠬᠠᠩᠰᠢ ᠶᠢᠨ ᠬᠠᠮᠳᠤᠷᠠᠨ ᠬᠥᠳᠡᠯᠦᠯᠴᠡᠬᠦ ᠭᠡᠳᠡᠭ ᠨᠢ ᠡᠴᠦᠰ ᠤᠨ ᠪᠣᠷᠣᠯᠠᠭᠤᠯᠭ᠎ᠠ ᠶᠢᠨ ᠦᠨ᠎ᠡ ᠬᠢᠭᠡᠳ ᠰᠢᠲᠠᠮᠠᠬᠠᠶ ᠬᠡᠢ ᠶᠢᠨ ᠠᠵᠤ ᠠᠬᠤᠶᠢᠯᠠᠯ ᠤᠨ ᠬᠤᠳᠠᠯᠳᠤᠨ ᠠᠪᠬᠤ ᠦᠨ᠎ᠡ ︵ᠲᠡᠭᠡᠭᠡᠪᠦᠷᠢ ᠶᠢᠨ ᠵᠠᠷᠤᠳᠠᠯ ᠪᠠᠭᠲᠠᠨ᠎ᠠ︶ ᠬᠠᠮᠲᠤᠷᠠᠨ ᠠᠵᠢᠯᠯᠠᠬᠤ ᠶᠢ ᠵᠢᠭᠠᠨ᠎ᠠ᠃    ︵ᠬᠤᠶᠠᠷ︶ ᠬᠠᠮᠲᠤᠷᠠᠨ ᠬᠥᠳᠡᠯᠦᠯᠴᠡᠬᠦ ᠦᠶᠡᠯᠡᠯ ᠤᠨ ᠬᠤᠭᠤᠴᠠᠭ᠎ᠠ᠃ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠤᠭᠤᠯᠠᠶ ᠭᠤᠤᠷᠰᠤ ᠪᠠᠷ ᠳᠠᠮᠵᠢᠭᠤᠯᠤᠨ ᠪᠠᠶᠢᠭᠠᠯᠢ ᠶᠢᠨ ᠰᠢᠲᠠᠮᠠᠬᠠᠶ ᠬᠡᠢ ᠬᠡᠷᠡᠭᠯᠡᠵᠦ ᠪᠠᠶᠢᠭ᠎ᠠ ᠰᠠᠭᠤᠭᠠᠯᠢ ᠠᠷᠠᠳ ᠤᠨ ᠰᠢᠲᠠᠮᠠᠬᠠᠶ ᠬᠡᠢ ᠶᠢᠨ ᠦᠵᠦᠭᠦᠷ ᠤᠨ ᠪᠣᠷᠣᠯᠠᠭᠤᠯᠤᠯᠲᠠ ᠶᠢᠨ ᠦᠨ᠎ᠡ ᠶᠢ ᠵᠠᠷᠴᠢᠮ ᠳᠡᠭᠡᠷ᠎ᠡ ᠪᠠᠨ ᠨᠢᠭᠡ ᠵᠢᠯ ᠤᠨ ᠳᠣᠲᠣᠷ᠎ᠠ ᠨᠢᠭᠡ ᠤᠳᠠᠭ᠎ᠠ ᠬᠠᠮᠲᠤᠷᠠᠨ ᠬᠦᠳᠡᠯᠦᠯᠴᠡᠨ᠎ᠡ︔ ᠬᠡᠷᠪᠡ ᠣᠨᠴᠠᠭᠠᠶ ᠪᠠᠶᠢᠳᠠᠯ ᠲᠣᠬᠢᠶᠠᠯᠳᠤᠪᠠᠯ ᠬᠠᠮᠤᠭ ᠤᠨ ᠠᠷᠪᠢᠨ ᠳᠠᠭᠠᠨ ᠬᠤᠶᠠᠷ ᠤᠳᠠᠭ᠎ᠠ ᠬᠤᠯᠪᠣᠭᠠᠯᠠᠨ ᠬᠥᠳᠡᠯᠦᠯᠴᠡᠵᠦ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠤᠭᠤᠯᠠᠶ ᠭᠤᠤᠷᠰᠤ ᠪᠠᠷ ᠳᠠᠮᠵᠢᠭᠤᠯᠤᠨ ᠪᠠᠶᠢᠭᠠᠯᠢ ᠶᠢᠨ ᠰᠢᠲᠠᠮᠠᠬᠠᠶ ᠬᠡᠢ ᠬᠡᠷᠡᠭᠯᠡᠵᠦ ᠪᠠᠶᠢᠭ᠎ᠠ ᠰᠠᠭᠤᠭᠠᠯᠢ ᠠᠷᠠᠳ ᠤᠨ ᠪᠤᠰᠤ ᠰᠢᠳᠠᠮᠠᠬᠠᠢ ᠬᠡᠢ ᠶᠢᠨ ᠦᠵᠦᠭᠦᠷ ᠤᠨ ᠪᠣᠷᠣᠯᠠᠭᠤᠯᠤᠯᠲᠠ ᠶᠢᠨ ᠦᠨ᠎ᠡ ᠶᠢ ᠵᠠᠷᠴᠢᠮ ᠳᠡᠭᠡᠷ᠎ᠡ ᠪᠠᠨ ᠨᠢᠭᠡ ᠵᠢᠯ ᠤᠨ ᠳᠣᠲᠣᠷ᠎ᠠ ᠬᠤᠶᠠᠷ ᠤᠳᠠᠭ᠎ᠠ ᠬᠠᠮᠲᠤᠷᠠᠨ ᠬᠦᠳᠡᠯᠦᠯᠴᠡᠨ᠎ᠡ︔ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠤᠭᠤᠯᠠᠶ ᠭᠤᠤᠷᠰᠤ ᠶᠢ ᠳᠠᠮᠵᠢᠬᠤ ᠦᠭᠡᠢ ᠪᠠᠶᠢᠭᠠᠯᠢ ᠶᠢᠨ ᠰᠢᠲᠠᠮᠠᠬᠠᠶ ᠬᠡᠢ ᠬᠡᠷᠡᠭᠯᠡᠵᠦ ᠪᠠᠶᠢᠭ᠎ᠠ ᠰᠠᠭᠤᠭᠠᠯᠢ ᠠᠷᠠᠳ ᠤᠨ ᠰᠢᠲᠠᠮᠠᠬᠠᠶ ᠬᠡᠢ ᠶᠢᠨ ᠦᠵᠦᠭᠦᠷ ᠤᠨ ᠪᠣᠷᠣᠯᠠᠭᠤᠯᠤᠯᠲᠠ ᠶᠢᠨ ᠦᠨ᠎ᠡ ᠶᠢ ᠵᠠᠷᠴᠢᠮ ᠳᠡᠭᠡᠷ᠎ᠡ ᠪᠠᠨ ᠨᠢᠭᠡ ᠵᠢᠯ ᠤᠨ ᠳᠣᠲᠣᠷ᠎ᠠ ᠨᠢᠭᠡ ᠤᠳᠠᠭ᠎ᠠ ᠬᠠᠮᠲᠤᠷᠠᠨ ᠬᠦᠳᠡᠯᠦᠯᠴᠡᠨ᠎ᠡ︔ ᠬᠡᠷᠪᠡ ᠣᠨᠴᠠᠭᠠᠶ ᠪᠠᠶᠢᠳᠠᠯ ᠲᠣᠬᠢᠶᠠᠯᠳᠤᠪᠠᠯ ᠬᠠᠮᠤᠭ ᠤᠨ ᠠᠷᠪᠢᠨ ᠳᠠᠭᠠᠨ ᠬᠤᠶᠠᠷ ᠤᠳᠠᠭ᠎ᠠ ᠬᠠᠮᠳᠤᠷᠠᠨ ᠬᠥᠳᠡᠯᠦᠯᠴᠡᠵᠦ ᠪᠣᠯᠤᠨ᠎ᠠ︔ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠤᠭᠤᠯᠠᠶ ᠭᠤᠤᠷᠰᠤ ᠶᠢ ᠳᠠᠮᠵᠢᠬᠤ ᠦᠭᠡᠢ ᠪᠠᠶᠢᠭᠠᠯᠢ ᠶᠢᠨ ᠰᠢᠲᠠᠮᠠᠬᠠᠶ ᠬᠡᠢ ᠬᠡᠷᠡᠭᠯᠡᠵᠦ ᠪᠠᠶᠢᠭ᠎ᠠ ᠰᠠᠭᠤᠭᠠᠯᠢ ᠠᠷᠠᠳ ᠤᠨ ᠪᠤᠰᠤ ᠰᠢᠲᠠᠮᠠᠬᠠᠶ ᠬᠡᠢ ᠶᠢᠨ ᠦᠵᠦᠭᠦᠷ ᠤᠨ ᠪᠣᠷᠣᠯᠠᠭᠤᠯᠤᠯᠲᠠ ᠶᠢᠨ ᠦᠨ᠎ᠡ ᠶᠢ ᠥᠪᠡᠷᠲᠡᠭᠡᠨ ᠵᠠᠰᠠᠬᠤ ᠣᠷᠣᠨ ᠤ ᠦᠨ᠎ᠡ ᠲᠣᠭᠲᠠᠭᠠᠬᠤ ᠭᠠᠷᠴᠠᠭ ᠲᠤ ᠣᠷᠣᠭᠤᠯᠤᠭᠰᠠᠨ ᠦᠭᠡᠢ ᠲᠠᠸᠠᠷ ᠪᠠ ᠦᠢᠯᠡᠴᠢᠯᠡᠭᠡ ᠳᠤ ᠵᠠᠬ᠎ᠠ ᠳᠡᠯᠭᠡᠭᠦᠷ ᠤᠨ ᠲᠣᠬᠢᠷᠠᠭᠤᠯᠬᠤ ᠦᠨ᠎ᠡ ᠶᠢ ᠬᠡᠷᠡᠭᠵᠢᠭᠦᠯᠦᠨ᠎ᠡ᠃    ︵ᠭᠤᠷᠪᠠ︶ ᠬᠠᠮᠳᠤᠷᠠᠨ ᠬᠥᠳᠡᠯᠦᠯᠴᠡᠵᠦ ᠲᠣᠬᠢᠷᠠᠭᠤᠯᠬᠤ ᠲᠣᠮᠢᠶᠠᠯᠠᠯ᠃ ᠬᠠᠮᠲᠤᠷᠠᠨ ᠬᠦᠳᠡᠯᠦᠯᠴᠡᠬᠦ ᠲᠣᠭᠲᠠᠴᠠ ᠶᠢ ᠠᠩᠬ᠎ᠠ ᠤᠳᠠᠭ᠎ᠠ ᠲᠤᠬᠢᠷᠠᠭᠤᠯᠬᠤ ᠦᠶ᠎ᠡ ᠳᠤ᠂ ᠡᠴᠦᠰ ᠤᠨ ᠪᠣᠷᠤᠯᠠᠭᠤᠯᠭ᠎ᠠ ᠶᠢᠨ ᠦᠨ᠎ᠡ ᠬᠠᠩᠰᠢ ᠶᠢ ᠳᠣᠣᠷᠠᠬᠢ ᠲᠣᠮᠢᠶ᠎ᠠ ᠪᠠᠷ ᠲᠣᠭᠲᠠᠭᠠᠪᠠ᠄ ᠦᠵᠦᠬᠦᠷ ᠤᠨ ᠪᠣᠷᠤᠯᠠᠭᠤᠯᠭ᠎ᠠ ᠶᠢᠨ ᠦᠨ᠎ᠡ = ᠡᠷᠬᠡ ᠨᠡᠮᠡᠭᠰᠡᠨ ᠳᠤᠮᠳᠠᠴᠢ ᠬᠤᠳᠠᠯᠳᠤᠨ ᠠᠪᠬᠤ ᠦᠨ᠎ᠡ ︵ᠲᠡᠭᠡᠭᠡᠪᠦᠷᠢ ᠶᠢᠨ ᠵᠠᠷᠤᠳᠠᠯ ᠢ ᠪᠠᠭᠲᠠᠭᠠᠨ᠎ᠠ︶ + ᠬᠡᠢ ᠲᠦᠭᠡᠭᠡᠬᠦ ᠦᠨ᠎ᠡ᠃    ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠤᠬᠢᠷᠠᠭᠤᠯᠵᠤ ᠳᠠᠭᠤᠰᠤᠭᠰᠠᠨ ᠤ ᠳᠠᠷᠠᠭ᠎ᠠ᠂ ᠦᠵᠦᠭᠦᠷ ᠤᠨ ᠪᠣᠷᠣᠯᠠᠭᠤᠯᠭ᠎ᠠ ᠶᠢᠨ ᠦᠨ᠎ᠡ ᠬᠠᠩᠰᠢ ᠶᠢ ᠳᠣᠤᠷᠠᠬᠢ ᠮᠡᠲᠦ ᠲᠣᠮᠢᠶ᠎ᠠ ᠪᠠᠷ ᠲᠣᠭᠲᠠᠭᠠᠪᠠ᠄ ᠦᠵᠦᠭᠦᠷ ᠤᠨ ᠪᠣᠷᠣᠯᠠᠭᠤᠯᠭ᠎ᠠ ᠶᠢᠨ ᠦᠨ᠎ᠡ = ᠳᠡᠭᠡᠷ᠎ᠡ ᠬᠤᠭᠤᠴᠠᠭᠠᠨ ᠤ ᠦᠵᠦᠭᠦᠷ ᠤᠨ ᠪᠣᠷᠣᠯᠠᠭᠤᠯᠭ᠎ᠠ ᠶᠢᠨ ᠦᠨ᠎ᠡ + ᠦᠨ᠎ᠡ  ᠶᠢ ᠬᠠᠮᠳᠤᠷᠠᠨ ᠬᠦᠳᠡᠯᠦᠯᠴᠡᠵᠦ ᠲᠣᠬᠢᠷᠠᠭᠤᠯᠤᠭᠰᠠᠨ ᠵᠣᠭᠤᠰ ᠤᠨ ᠲᠤᠭ᠎ᠠ᠃    ᠦᠨ᠎ᠡ ᠶᠢ ᠬᠠᠮᠳᠤᠷᠠᠨ ᠬᠦᠳᠡᠯᠦᠯᠴᠡᠵᠦ ᠲᠣᠬᠢᠷᠠᠭᠤᠯᠤᠭᠰᠠᠨ ᠵᠣᠭᠤᠰ ᠤᠨ ᠲᠤᠭ᠎ᠠ = ︵ᠲᠣᠰ ᠬᠤᠭᠤᠴᠠᠭᠠᠨ ᠤ ᠰᠢᠲᠠᠮᠠᠬᠠᠶ ᠬᠡᠶ ᠶᠢᠨ ᠢᠷᠡᠯᠲᠡ ᠶᠢᠨ ᠡᠷᠬᠡ ᠶᠢᠨ ᠳᠤᠮᠳᠠᠴᠢ ᠬᠤᠳᠠᠯᠳᠤᠨ ᠠᠪᠬᠤ ᠦᠨ᠎ᠡ - ᠳᠡᠭᠡᠷ᠎ᠡ ᠬᠤᠭᠤᠴᠠᠭᠠᠨ ᠤ ᠰᠢᠲᠠᠮᠠᠬᠠᠶ ᠬᠡᠶ ᠶᠢᠨ ᠢᠷᠡᠯᠲᠡ ᠶᠢᠨ ᠡᠷᠬᠡ ᠶᠢᠨ ᠳᠤᠮᠳᠠᠴᠢ ᠬᠤᠳᠠᠯᠳᠤᠨ ᠠᠪᠬᠤ ᠦᠨ᠎ᠡ︶ / ︵1 - ᠬᠠᠩᠭᠠᠨ ᠪᠣᠷᠣᠯᠠᠭᠤᠯᠬᠤ ᠵᠥᠷᠢᠶ᠎ᠡ ᠶᠢᠨ ᠨᠣᠷᠮ᠎ᠠ︶± ᠳᠡᠭᠡᠷ᠎ᠡ ᠬᠤᠭᠤᠴᠠᠭᠠᠨ ᠤ ᠲᠣᠬᠢᠷᠠᠭᠤᠯᠬᠤ ᠶᠣᠰᠣᠲᠠᠶ ᠪᠠᠶᠢᠲᠠᠯ᠎ᠠ ᠲᠣᠬᠢᠷᠠᠭᠤᠯᠤᠭᠰᠠᠨ ᠥᠬᠡᠶ ᠵᠣᠭᠤᠰ ᠤᠨ ᠲᠤᠭ᠎ᠠ ᠪᠤᠶᠤ ᠳᠡᠭᠡᠷ᠎ᠡ ᠬᠤᠭᠤᠴᠠᠭᠠᠨ ᠤ ᠬᠡᠰᠡᠭ ᠨᠢ ᠲᠣᠬᠢᠷᠠᠭᠤᠯᠬᠤ ᠶᠣᠰᠣᠲᠠᠶ ᠪᠠᠶᠢᠲᠠᠯ᠎ᠠ ᠲᠣᠬᠢᠷᠠᠭᠤᠯᠤᠭᠰᠠᠨ ᠥᠬᠡᠶ ᠵᠣᠭᠤᠰ ᠤᠨ ᠲᠤᠭ᠎ᠠ ± ᠵᠦᠷᠢᠶᠡᠳᠦ ᠵᠤᠭᠤᠰ ᠤᠨ ᠳᠤᠭ᠎ᠠ᠃    ᠬᠠᠩᠭᠠᠨ ᠪᠣᠷᠣᠯᠠᠭᠤᠯᠬᠤ ᠵᠥᠷᠢᠶ᠎ᠡ ᠶᠢᠨ ᠨᠣᠷᠮ᠎ᠠ ︵ᠬᠤᠷᠣᠭᠳᠠᠯ ᠤᠨ ᠨᠣᠷᠮ᠎ᠠ︶ ᠶᠢ ᠤᠯᠤᠰ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠶᠣᠰᠣᠭᠠᠷ ᠬᠡᠷᠡᠭᠵᠢᠭᠦᠯᠵᠦ ᠪᠣᠯᠤᠨ᠎ᠠ᠃ ᠬᠤᠲᠠ ᠪᠠᠯᠭᠠᠰᠤᠨ ᠤ ᠬᠡᠢ ᠲᠦᠭᠡᠭᠡᠬᠦ ᠲᠣᠣᠷ ᠤᠨ ᠬᠡᠢ ᠶᠢᠨ ᠬᠡᠮᠵᠢᠶ᠎ᠡ ᠨᠡᠯᠢᠶᠡᠳ ᠶᠡᠭᠡ᠂ ᠬᠠᠩᠭᠠᠨ ᠪᠣᠷᠣᠯᠠᠭᠤᠯᠬᠤ ᠵᠥᠷᠢᠶ᠎ᠡ ᠶᠢᠨ ᠨᠣᠷᠮ᠎ᠠ ᠨᠢ ᠦᠵᠦᠭᠦᠷ ᠪᠣᠷᠣᠯᠠᠭᠤᠯᠤᠯᠲᠠ ᠶᠢᠨ ᠦᠨ᠎ᠡ ᠬᠠᠩᠰᠢ ᠶᠢᠨ ᠨᠥᠯᠥᠭᠡ ᠢᠯᠡᠷᠬᠡᠢ ᠪᠤᠶᠤ ᠬᠤᠲᠠ ᠶᠢᠨ ᠰᠢᠲᠠᠭᠠᠯᠭ᠎ᠠ ᠶᠢᠨ ᠠᠵᠤ ᠠᠬᠤᠶᠢᠯᠠᠯ ᠤᠨ ᠣᠷᠣᠯᠭ᠎ᠠ ᠳᠤ ᠨᠡᠯᠢᠶᠡᠳ ᠶᠡᠭᠡ ᠨᠥᠯᠥᠭᠡ ᠦᠵᠡᠭᠦᠯᠬᠦ ᠦᠶ᠎ᠡ ᠳᠤ᠂ ᠬᠠᠩᠭᠠᠨ ᠪᠣᠷᠣᠯᠠᠭᠤᠯᠬᠤ ᠵᠥᠷᠢᠶ᠎ᠡ ᠶᠢᠨ ᠨᠣᠷᠮ᠎ᠠ ᠶᠢ ᠠᠵᠤ ᠠᠬᠤᠶᠢᠯᠠᠯ ᠤᠨ ᠪᠣᠳᠠᠲᠤ ᠪᠠᠶᠢᠳᠠᠯ ᠢᠶᠠᠷ ᠪᠠᠷᠢᠮᠵᠢᠶ᠎ᠠ ᠪᠣᠯᠭᠠᠨ᠎ᠠ᠃ᠳᠥᠷᠪᠡ᠂ ᠭᠡᠷᠡᠴᠢᠯᠡᠭᠡ ᠰᠤᠨᠤᠰᠬᠤ ᠨᠡᠷᠡᠰ ︵3 ᠬᠥᠮᠥᠨ︶    ᠸᠠᠩ ᠵᠢᠶᠠᠨ ᠧᠨ     ᠤᠯᠠᠭᠠᠨᠴᠠᠪ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ    ᠯᠢᠦ ᠬᠤᠢ ᠵᠢᠶᠧ     ᠤᠯᠠᠭᠠᠨᠴᠠᠪ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ    ᠹᠦ᠋ ᠰᠢᠤᠢ     ᠤᠯᠠᠭᠠᠨᠴᠠᠪ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯᠲᠠᠪᠤ᠂ ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠭᠰᠠᠳ ᠤᠨ ᠨᠡᠷᠡᠰ ︵30 ᠬᠥᠮᠦᠨ︶    ︵ᠨᠢᠭᠡ︶ ᠬᠡᠷᠡᠭᠯᠡᠭᠴᠢᠳ ᠤᠨ ᠲᠥᠯᠥᠭᠡᠯᠡᠭᠴᠢ ︵15 ᠬᠥᠮᠥᠨ︶    ᠯᠸᠢ ᠬᠠᠢ ᠶᠠᠨ    ᠬᠡᠷᠡᠭᠯᠡᠭᠴᠢᠳ ᠤᠨ ᠲᠥᠯᠥᠭᠡᠯᠡᠭᠴᠢ    ᠶᠠᠨ ᠭᠦᠸᠧ ᠴᠢᠩ    ᠬᠡᠷᠡᠭᠯᠡᠭᠴᠢᠳ ᠤᠨ ᠲᠥᠯᠥᠭᠡᠯᠡᠭᠴᠢ    ᠶᠠᠩ ᠢᠦᠢ ᠮᠢᠩ    ᠬᠡᠷᠡᠭᠯᠡᠭᠴᠢᠳ ᠤᠨ ᠲᠥᠯᠥᠭᠡᠯᠡᠭᠴᠢ    ᠬᠤᠤ ᠶᠦᠩ ᠹᠸᠢ     ᠬᠡᠷᠡᠭᠯᠡᠭᠴᠢᠳ ᠤᠨ ᠲᠥᠯᠥᠭᠡᠯᠡᠭᠴᠢ    ᠭᠦᠸᠧ ᠬᠠᠢ ᠲᠢᠩ    ᠬᠡᠷᠡᠭᠯᠡᠭᠴᠢᠳ ᠤᠨ ᠲᠥᠯᠥᠭᠡᠯᠡᠭᠴᠢ    ᠸᠠᠩ ᠰᠢᠶᠤᠤ ᠢᠦᠶ    ᠬᠡᠷᠡᠭᠯᠡᠭᠴᠢᠳ ᠤᠨ ᠲᠥᠯᠥᠭᠡᠯᠡᠭᠴᠢ    ᠽᠠᠩ ᠲᠣᠣ    ᠬᠡᠷᠡᠭᠯᠡᠭᠴᠢᠳ ᠤᠨ ᠲᠥᠯᠥᠭᠡᠯᠡᠭᠴᠢ    ᠡᠦ ᠵᠢᠶᠠᠨ    ᠬᠡᠷᠡᠭᠯᠡᠭᠴᠢᠳ ᠤᠨ ᠲᠥᠯᠥᠭᠡᠯᠡᠭᠴᠢ    ᠵᠠᠩ ᠿᠢ ᠬᠤᠸᠠ    ᠬᠡᠷᠡᠭᠯᠡᠭᠴᠢᠳ ᠤᠨ ᠲᠦᠯᠦᠭᠡᠯᠡᠭᠴᠢ    ᠢᠦᠢ ᠳ᠋ᠦᠩ ᠾᠦᠢ    ᠬᠡᠷᠡᠭᠯᠡᠭᠴᠢᠳ ᠤᠨ ᠲᠥᠯᠥᠭᠡᠯᠡᠭᠴᠢ    ᠸᠠᠩ ᠹᠠᠩ    ᠬᠡᠷᠡᠭᠯᠡᠭᠴᠢᠳ ᠤᠨ ᠲᠥᠯᠥᠭᠡᠯᠡᠭᠴᠢ    ᠵᠤᠤ ᠳ᠋ᠦᠩ ᠮᠧᠢ    ᠬᠡᠷᠡᠭᠯᠡᠭᠴᠢᠳ ᠤᠨ ᠲᠥᠯᠥᠭᠡᠯᠡᠭᠴᠢ    ᠰᠢᠶᠧ ᠴᠤᠤ    ᠬᠡᠷᠡᠭᠯᠡᠭᠴᠢᠳ ᠤᠨ ᠲᠥᠯᠥᠭᠡᠯᠡᠭᠴᠢ     ᠵᠠᠩ ᠰᠢᠶᠤᠤ ᠸᠧᠢ    ᠬᠡᠷᠡᠭᠯᠡᠭᠴᠢᠳ ᠤᠨ ᠲᠦᠯᠦᠭᠡᠯᠡᠭᠴᠢ    ᠵᠤᠤ ᠳ᠋ᠦᠸᠧ    ᠬᠡᠷᠡᠭᠯᠡᠭᠴᠢᠳ ᠤᠨ ᠲᠥᠯᠥᠭᠡᠯᠡᠭᠴᠢ    ︵ᠬᠤᠶᠠᠷ︶ ᠪᠠᠶᠢᠭᠠᠯᠢ ᠶᠢᠨ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ︵3 ᠬᠥᠮᠥᠨ︶    ᠬᠤᠣ ᠶᠠᠨ ᠴᠧᠩ    ᠾᠦᠢ ᠵᠢᠶᠧ ᠰᠢᠲᠠᠮᠠᠬᠠᠢ ᠬᠡᠢ ᠶᠢᠨ ᠬᠢᠵᠠᠭᠠᠷᠲᠤ ᠺᠣᠮᠫᠠᠨᠢ    ᠯᠢᠶᠠᠩ ᠳ᠋ᠦᠩ     ᠳᠤᠮᠳᠠᠳᠤ ᠤᠯᠤᠰ ᠤᠨ ᠴᠢᠯᠠᠭᠤᠨ ᠲᠣᠰᠣᠨ ᠤ ᠺᠦᠨ ᠯᠦᠨ ᠰᠢᠲᠠᠮᠠᠬᠠᠢ ᠬᠡᠢ ᠶᠢᠨ ᠬᠢᠵᠠᠭᠠᠷᠲᠤ ᠺᠣᠮᠫᠠᠨᠢ    ᠬᠠᠨ ᡁᠢ ᠴᠤᠤ    ᠴᠤᠸᠠᠩ ᠨᠧᠩ ᠴᠡᠪᠡᠷ ᠡᠨᠧᠷᠭᠢ ᠶᠢᠨ ᠬᠢᠵᠠᠭᠠᠷᠲᠤ ᠺᠣᠮᠫᠠᠨᠢ    ︵ᠭᠤᠷᠪᠠ︶ ᠲᠤᠰᠬᠠᠢ ᠮᠡᠷᠭᠡᠵᠢᠯᠲᠡᠨ  ︵3 ᠬᠥᠮᠥᠨ︶    ᠳ᠋ᠦᠩ ᠶᠢᠩ ᠴᠦᠨ    ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ    ᠵᠠᠩ ᠳ᠋ᠦᠩ    ᠪᠠᠶᠢᠭᠠᠯᠢ ᠶᠢᠨ ᠰᠢᠲᠠᠮᠠᠬᠠᠢ ᠬᠡᠢ ᠶᠢᠨ ᠲᠤᠰᠬᠠᠢ ᠮᠡᠷᠭᠡᠵᠢᠯᠲᠡᠨ    ᠹᠦ᠋ ᠯᠢᠨ    ᠪᠠᠶᠢᠭᠠᠯᠢ ᠶᠢᠨ ᠰᠢᠲᠠᠮᠠᠬᠠᠢ ᠬᠡᠢ ᠶᠢᠨ ᠲᠤᠰᠬᠠᠢ ᠮᠡᠷᠭᠡᠵᠢᠯᠲᠡᠨ    ︵ᠲᠦᠷᠪᠡ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠬᠡᠷᠡᠭᠯᠡᠭᠴᠢᠳ ᠤᠨ ᠨᠡᠶᠢᠭᠡᠮᠯᠢᠭ ︵6 ᠬᠥᠮᠥᠨ︶    ᠵᠢᠶᠠ ᠲᠢᠩ ᠲᠢᠩ    ᠵᠢᠨᠢᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ    ᠸᠠᠩ ᠴᠦᠨ ᠢᠦᠢ    ᠵᠢᠨᠢᠩ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ    ᠶᠠᠩ ᠶᠢᠨ    ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ    ᠶᠠᠨ ᠰᠢᠶᠤᠤ ᠢᠦᠢ    ᠤᠯᠠᠭᠠᠨᠴᠠᠪ ᠬᠤᠲᠠ ᠶᠢᠨ ᠰᠢᠨ᠎ᠡ ᠡᠨᠧᠷᠭᠢ ᠶᠢᠨ ᠬᠥᠭᠵᠢᠯᠲᠡ ᠶᠢᠨ ᠲᠥᠪ    ᠬᠤᠤ ᠰᠢᠶᠤᠤ ᠢᠤᠢ    ᠤᠯᠠᠭᠠᠨᠴᠠᠪ ᠬᠤᠳᠠ ᠶᠢᠨ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ    ᠵᠣᠣ ᠰᠢᠶᠣᠤ ᠰᠢᠶᠠ    ᠤᠯᠠᠭᠠᠨᠴᠠᠪ ᠬᠤᠲᠠ ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ    ︵ᠲᠠᠪᠤ︶ ᠰᠣᠨᠢᠨ ᠮᠡᠳᠡᠭᠡᠨ ᠤ ᠵᠠᠭᠤᠴᠢᠯᠠᠭᠤᠷ ︵2 ᠬᠥᠮᠦᠨ︶    ᠸᠠᠩ ᠳ᠋ᠠᠨ    ᠤᠯᠠᠭᠠᠨᠴᠠᠪ ᠬᠤᠲᠠ ᠶᠢᠨ ᠬᠠᠮ ᠵᠠᠭᠤᠴᠢᠯᠠᠭᠤᠷ ᠤᠨ ᠲᠦᠪ    ᠯᠢ ᠵᠢᠶᠠᠨ ᠬᠠᠢ    ᠤᠯᠠᠭᠠᠨᠴᠠᠪ ᠬᠤᠲᠠ ᠶᠢᠨ ᠬᠠᠮ ᠵᠠᠭᠤᠴᠢᠯᠠᠭᠤᠷ ᠤᠨ ᠲᠦᠪ    ︵ᠵᠢᠷᠭᠤᠭ᠎ᠠ︶ ᠬᠠᠤᠯᠢ ᠴᠠᠭᠠᠵᠠ ᠶᠢᠨ ᠠᠵᠢᠯᠲᠠᠨ ︵1 ᠬᠥᠮᠥᠨ︶    ᠸᠠᠩ ᠵᠢᠶᠠ ᠯᠦ    ᠵᠢᠩ ᠱᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ    ︵ᠳᠤᠯᠤᠭ᠎ᠠ︶ ᠰᠤᠯᠠ ᠰᠣᠨᠣᠰᠤᠭᠴᠢ    ᠼᠤᠤ ᠯᠢᠨ ᠯᠢ    ᠵᠢᠨᠢᠩ ᠲᠣᠭᠤᠷᠢᠭ ᠤᠨ ᠰᠠᠭᠤᠭᠠᠯᠢ ᠠᠷᠠᠳ ᠤᠨ ᠬᠡᠷᠡᠭᠯᠡᠭᠴᠢ    ᠷᠧᠨ ᠭᠦᠸᠧ ᠯᠢᠨ    ᠵᠢᠨᠢᠩ ᠲᠣᠭᠤᠷᠢᠭ ᠤᠨ ᠰᠠᠭᠤᠭᠠᠯᠢ ᠠᠷᠠᠳ ᠤᠨ ᠬᠡᠷᠡᠭᠯᠡᠭᠴᠢᠣᠨᠴᠠᠭᠠᠶᠢᠯᠠᠨ ᠵᠠᠷᠯᠠᠨ ᠨᠡᠶᠢᠲᠡᠯᠡᠪᠡ᠃    ︵ᠬᠠᠷᠢᠯᠴᠠᠬᠤ ᠬᠥᠮᠦᠨ ᠵᠢᠴᠢ ᠤᠲᠠᠰᠤ᠄ ᠹᠦ᠋ ᠰᠢᠤᠢ   ᠵᠢᠶᠠ ᠶᠢᠦ ᠸᠧᠢ᠂ 0474 - 8320919︶                      ᠤᠯᠠᠭᠠᠨᠴᠠᠪ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ                                  2024 ᠣᠨ ᠤ 11 ᠰᠠᠷ᠎ᠠ ᠶᠢᠨ 27 ᠤ ᠡᠳᠦᠷ    
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2