ᠤᠯᠠᠭᠠᠨᠴᠠᠪ ᠬᠤᠲᠠ ᠶᠢᠨ ᠲᠡᠮᠦᠷ ᠤᠨ ᠬᠠᠶᠢᠯᠤᠰᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/11/28
   11 ᠰᠠᠷ᠎ᠠ ᠶᠢᠨ 27 ᠤ ᠡᠳᠦᠷ᠂ ᠬᠤᠲᠠ ᠶᠢᠨ ᠲᠡᠮᠦᠷ ᠤᠨ ᠬᠠᠶᠢᠯᠤᠰᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠤᠨ ᠫᠠᠶᠢᠰᠠ ᠰᠡᠬᠦᠬᠦ ᠶᠣᠰᠣᠯᠠᠯ ᠹᠧᠩᠵᠧᠨ ᠬᠤᠲᠠ ᠶᠢᠨ ᠥᠪᠥᠷ ᠮᠣᠩᠭᠤᠯ ᠤᠨ ᠰᠢᠨ ᠲᠠᠢ ᠠᠵᠤ ᠦᠢᠯᠡᠰ ᠤᠨ ᠪᠦᠯᠦᠭᠯᠡᠯ ᠳᠤ ᠶᠠᠪᠤᠭᠳᠠᠪᠠ᠃     ᠬᠤᠲᠠ ᠶᠢᠨ ᠳᠡᠳ᠋ ᠳᠠᠷᠤᠭ᠎ᠠ ᠢᠦᠶ ᠬᠠᠢ ᠴᠧᠩ ᠬᠤᠷᠠᠯ ᠳᠤ ᠣᠷᠣᠯᠴᠠᠪᠠ᠃     ᠣᠶᠢᠯᠠᠭᠠᠭᠰᠠᠨ ᠢᠶᠠᠷ᠂ ᠬᠤᠲᠠ ᠶᠢᠨ ᠲᠡᠮᠦᠷ ᠤᠨ ᠬᠠᠶᠢᠯᠤᠰᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠪᠠᠶᠢᠭᠤᠯᠤᠭᠳᠠᠭᠰᠠᠨ ᠤ ᠳᠠᠷᠠᠭ᠎ᠠ᠂ ᠤᠯᠤᠰ ᠤᠨ ᠳᠣᠲᠣᠭᠠᠳᠤ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠢᠴᠢ ᠶᠡᠭᠡ ᠳᠡᠭᠡᠳᠦ ᠰᠤᠷᠭᠠᠭᠤᠯᠢ ᠶᠢᠨ ᠲᠡᠮᠦᠷ ᠤᠨ ᠬᠠᠶᠢᠯᠤᠰᠢ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠶᠢ ᠥᠷᠨᠢᠭᠦᠯᠬᠦ ᠶᠢᠨ ᠬᠠᠮᠲᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠰᠤᠳᠤᠯᠭᠠᠨ ᠪᠠ ᠦᠷ᠎ᠡ ᠪᠦᠲᠦᠭᠡᠯ ᠢ ᠤᠯᠠᠷᠢᠭᠤᠯᠬᠤ ᠳᠤ ᠰᠠᠶᠢᠨ ᠲᠠᠪᠴᠠᠩ ᠬᠠᠩᠭᠠᠵᠤ᠂ ᠪᠠᠰᠠ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠳᠤ ᠪᠣᠬᠢᠷᠲᠤᠯ ᠥᠬᠡᠶ᠂ ᠨᠡᠭᠦᠷᠡᠰᠦᠲᠥ᠋ᠷᠥᠭᠴᠢ ᠪᠠᠭ᠎ᠠ᠂ ᠡᠷᠭᠢᠯᠲᠡ ᠶᠢᠨ ᠴᠢᠭᠯᠡᠯ ᠳᠠᠰᠢ ᠴᠢᠨᠠᠷ ᠰᠠᠶᠢᠲᠠᠶ ᠬᠥᠭᠵᠢᠯᠲᠡ ᠳᠤ ᠮᠡᠷᠭᠡᠵᠢᠯ ᠤᠨ ᠰᠠᠭᠤᠷᠢ ᠲᠠᠯᠪᠢᠵᠤ᠂ ᠪᠥᠬᠦ ᠬᠤᠲᠠ ᠶᠢᠨ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠶᠡᠭᠡ ᠬᠤᠪᠢᠷᠠᠯᠲᠠ ᠠᠴᠠ ᠬᠦᠴᠦᠷᠬᠡᠭ ᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃                                  ᠣᠷᠴᠢᠭᠤᠯᠤᠭᠴᠢ᠄ ᠭᠤᠸ᠎ᠠ                                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2