ᠤᠯᠠᠭᠠᠨᠴᠠᠪ ᠬᠤᠲᠠ ᠲᠡᠮᠦᠷ ᠤᠨ ᠬᠠᠶᠢᠯᠤᠰᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠢ ᠪᠠᠶᠢᠭᠤᠯᠵᠤ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/11/29
     ᠰᠤᠳᠤᠯᠬᠤ ᠬᠦᠷᠢᠶᠡᠯᠡᠩ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠪᠡ᠃    
    ᠳᠠᠳᠤᠯᠭ᠎ᠠ ᠪᠣᠯᠪᠠᠰᠤᠷᠠᠯ ᠤᠨ ᠥᠷᠥᠭᠡᠨ ᠳᠤ᠂ ᠰᠤᠳᠤᠯᠭᠠᠨ ᠤ ᠬᠦᠷᠢᠶᠡᠯᠡᠩ ᠤᠨ ᠲᠤᠰᠬᠠᠶ ᠮᠡᠷᠭᠡᠵᠢᠯᠲᠡᠳ ᠶᠠᠭ ᠰᠤᠷᠤᠭᠴᠢᠳ ᠲᠤ ᠳᠣᠤᠷ᠎ᠠ ᠬᠦᠴᠦᠳᠡᠯᠲᠦ ᠴᠠᠬᠢᠯᠭᠠᠨ ᠬᠡᠷᠡᠭᠰᠡᠯ ᠡᠵᠡᠮᠰᠢᠬᠦ ᠴᠠᠬᠢᠯᠭᠠᠨ ᠮᠠᠰᠢᠨ ᠤ ᠡᠶᠡᠷᠭᠦ ᠤᠷᠪᠠᠯ ᠤᠨ ᠮᠡᠳᠡᠯᠭᠡ ᠶᠢ ᠲᠠᠶᠢᠯᠪᠤᠷᠢᠯᠠᠨ ᠥᠭᠴᠦ ᠪᠠᠶᠢᠨ᠎ᠠ᠃ ᠭᠦᠸᠧ ᠰᠢᠶᠤᠤ ᠶᠠᠨ ᠰᠡᠭᠦᠲᠡᠷᠯᠡᠪᠡ    11 ᠰᠠᠷ᠎ᠠ ᠶᠢᠨ 27 ᠤ ᠡᠳᠦᠷ᠂ ᠬᠤᠲᠠ ᠶᠢᠨ ᠲᠡᠮᠦᠷ ᠤᠨ ᠬᠠᠶᠢᠯᠤᠰᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠹᠧᠩᠵᠧᠨ ᠬᠤᠲᠠ ᠳᠤ ᠪᠠᠶᠢᠭ᠎ᠠ ᠥᠪᠥᠷ ᠮᠣᠩᠭᠤᠯ ᠤᠨ ᠰᠢᠨ ᠲᠠᠢ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠫᠠᠶᠢᠰᠠ ᠰᠡᠬᠦᠵᠦ ᠪᠠᠶᠢᠭᠤᠯᠤᠭᠳᠠᠭᠰᠠᠨ ᠨᠢ ᠮᠠᠨ ᠤ ᠬᠤᠲᠠ ᠶᠢᠨ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠪᠠᠲᠤ ᠪᠠᠬᠢ ᠨᠢᠭᠡ ᠠᠯᠬᠤᠮ ᠠᠯᠬᠤᠭᠰᠠᠨ ᠢ ᠬᠠᠷᠠᠭᠤᠯᠵᠤ᠂ ᠮᠠᠨ ᠤ ᠬᠤᠲᠠ ᠶᠢᠨ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠤᠨ ᠪᠣᠬᠢᠷᠲᠤᠯ ᠥᠬᠡᠶ᠂ ᠳᠤᠤᠷ᠎ᠠ ᠨᠡᠭᠦᠷᠡᠰᠦᠲᠥ᠋ᠷᠥᠭᠴᠢᠲᠦ᠂ ᠡᠷᠭᠢᠯᠲᠡ ᠶᠢᠨ ᠴᠢᠭᠯᠡᠯ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃                             ᠤᠷᠴᠢᠭᠤᠯᠤᠭᠴᠢ᠄ ᠬᠦᠰᠡᠯ                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2