| ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ | ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠠᠴᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠥᠷᠭᠡᠴᠡ | ᠪᠣᠯᠤᠨ ᠭᠦᠨᠴᠡ ᠳᠡᠰᠢ ᠤᠷᠤᠭᠰᠢᠯᠠᠬᠤ ᠶᠢ ᠠᠬᠢᠭᠤᠯᠬᠤ ᠨᠢᠭᠡ ᠤᠳᠠᠭ᠎ᠠ ᠶᠢᠨ ᠶᠡᠷᠦᠩᠬᠡᠢ ᠲᠠᠶᠢᠴᠢᠯᠠᠯᠳᠠ᠂ ᠶᠡᠷᠦᠩᠬᠡᠢ | ᠪᠠᠶᠢᠷᠢᠯᠠᠭᠤᠯᠤᠯᠲᠠ ᠪᠣᠯᠤᠨ᠎ᠠ᠃ ᠤᠯᠠᠭᠠᠨᠴᠠᠪ ᠬᠤᠲᠠ ᠶᠢᠨ ᠱᠠᠩᠳᠤ ᠰᠢᠶᠠᠨ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ | ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ | ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠲᠣᠭᠲᠠᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠲᠥᠯᠦᠮᠵᠢ ᠪᠣᠯᠭᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠬᠦᠴᠦᠯᠡᠨ ᠠᠬᠢᠭᠤᠯᠪᠠ᠃ ᠣᠶᠢᠷ᠎ᠠ ᠳᠤ᠂ ᠰᠤᠷᠪᠤᠯᠵᠢᠯᠠᠭᠴᠢ ᠱᠠᠩᠳᠤ ᠰᠢᠶᠠᠨ ᠤ ᠨᠠᠮ ᠤᠨ | ᠬᠤᠷᠢᠶᠠᠨ ᠤ ᠱᠦᠵᠢ ᠶᠠᠩ ᠸᠧᠨ ᠾᠦᠢ ᠶᠢ ᠰᠤᠷᠪᠤᠯᠵᠢᠯᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠱᠠᠩᠳᠤ ᠰᠢᠶᠠᠨ ᠬᠡᠷᠬᠢᠨ ᠥᠭᠡᠷᠡᠴᠢᠯᠡᠯᠲᠡ ᠪᠠᠷ ᠭᠠᠷᠳᠠᠴᠠ ᠪᠣᠯᠭᠠᠨ | ︽ᠲᠠᠪᠤᠨ ᠶᠡᠭᠡ ᠡᠭᠦᠷᠭᠡ︾ ᠶᠢ ᠨᠢᠭᠡᠳᠦᠯᠲᠡᠶ ᠲᠥᠯᠥᠪᠵᠢᠭᠦᠯᠦᠨ ᠨᠠᠶᠢᠳᠠᠪᠤᠷᠢᠵᠢᠭᠤᠯᠵᠤ᠂ ᠰᠢᠶᠠᠨ ᠤ ᠬᠡᠪᠴᠢᠶᠡᠨ ᠤ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠪᠣᠶ︖ | ᠶᠠᠩ ᠸᠧᠨ ᠾᠦᠢ᠄ ᠱᠠᠩᠳᠤ ᠰᠢᠶᠠᠨ ︽ᠲᠠᠪᠤᠨ ᠶᠡᠭᠡ ᠡᠭᠦᠷᠭᠡ︾ ᠶᠢ ᠢᠮᠠᠭᠲᠠ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠨᠢᠭᠡᠳᠦᠯᠲᠡᠢ ᠲᠥᠯᠥᠪᠵᠢᠭᠦᠯᠦᠨ ᠨᠢᠭᠡ | ᠴᠤᠭᠴᠠᠵᠢᠭᠤᠯᠤᠨ ᠨᠠᠶᠢᠳᠠᠪᠤᠷᠢᠵᠢᠭᠤᠯᠪᠠ᠃ ︽ᠬᠤᠶᠠᠷ ᠬᠠᠯᠬᠠᠪᠴᠢ︾ ᠤᠯᠠᠮ ᠪᠠᠲᠤ ᠪᠠᠬᠢ ᠪᠤᠯᠵᠤ ᠪᠠᠶᠢᠨ᠎ᠠ᠃ | ᠴᠠᠭᠠᠨᠨᠠᠭᠤᠷ ᠤᠨ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠯᠠᠪᠳᠠᠭᠤᠨ ᠪᠠᠲᠤᠲᠠᠶ ᠠᠬᠢᠭᠤᠯᠵᠤ᠂ | ᠬᠠᠮᠠᠭᠠᠯᠠᠨ ᠰᠡᠷᠭᠦᠭᠡᠬᠦ ᠶᠢ ᠵᠡᠷᠭᠡ ᠪᠠᠷ ᠠᠳᠬᠤᠬᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠵᠦ ᠲᠣᠭᠤᠰᠣ ᠶᠢ | ᠵᠠᠰᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ 3 ᠵᠢᠯ ᠤᠨ ᠭᠠᠵᠠᠷ ᠳᠣᠤᠷᠠᠬᠢ ᠤᠰᠤᠨ ᠲᠦᠪᠰᠢᠨ | ᠨᠡᠶᠢᠲᠡ 0.83 ᠮᠧᠲᠷ ᠳᠡᠭᠡᠭᠰᠢᠯᠡᠵᠦ᠂ ᠴᠠᠭᠠᠨᠨᠠᠭᠤᠷ ᠤᠨ ᠠᠮᠢ ᠠᠬᠤᠶ ᠮᠠᠭᠤᠳᠠᠬᠤ ᠬᠠᠨᠳᠤᠰᠢ ᠶᠢ ᠠᠩᠬ᠎ᠠ ᠠᠯᠬᠤᠮ | ᠬᠤᠪᠢᠷᠠᠭᠤᠯᠪᠠ᠃ ︽ᠠᠮᠤᠭᠤᠯᠠᠩᠳᠤ ᠱᠠᠩᠳᠤ︾ ᠶᠢᠨ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠵᠠᠬᠢᠳᠠᠯ | ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠦᠷᠢᠮ ᠢ ᠪᠥᠬᠦ ᠲᠠᠯ᠎ᠠ ᠪᠠᠷ ᠠᠬᠢᠭᠤᠯᠵᠤ᠂ 2024 ᠣᠨ ᠳᠤ ᠪᠥᠬᠦ | ᠰᠢᠶᠠᠨ ᠤ 769 ᠨᠡᠷᠡᠰ ᠣᠷᠣᠯᠠᠨ ᠭᠦᠶ᠋ᠴᠡᠳᠬᠡᠭᠴᠢ ᠪᠠ ᠰᠢᠶᠠᠨ ᠤ ᠱᠠᠲᠤᠨ ᠤ ᠤᠳᠤᠷᠢᠳᠤᠯᠭ᠎ᠠ 117 ᠪᠦᠯᠦᠭ | ᠰᠤᠷᠪᠤᠯᠵᠢᠯᠠᠭ᠎ᠠ ᠶᠢ ᠭᠥᠯᠢᠶᠡᠨ ᠠᠪᠴᠤ ᠳᠣᠷᠣᠭᠰᠢ ᠪᠠᠭᠤᠵᠤ ᠰᠤᠷᠪᠤᠯᠵᠢᠯᠠᠵᠤ᠂ ᠨᠡᠶᠢᠲᠡ 179 ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠵᠤ᠂ ᠦᠨᠳᠦᠰᠦᠨ ᠱᠠᠲᠤᠨ ᠤ ᠵᠠᠰᠠᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃ ︽ᠬᠤᠶᠠᠷ ᠰᠠᠭᠤᠷᠢᠨ︾ ᠤ ᠴᠢᠨᠠᠷ ᠴᠢᠨᠰᠠᠭ᠎ᠠ | ᠵᠡᠷᠭᠡ ᠪᠠᠷ ᠳᠡᠭᠡᠭᠰᠢᠯᠡᠪᠡ᠃ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ | ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ 10 ᠲᠦᠮᠡᠨ ᠲᠣᠨ ᠰᠠᠯᠬᠢ ᠭᠡᠷᠡᠯ | ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠭᠠᠷᠳᠠᠮ ᠢ ᠵᠠᠯᠭᠠᠭ᠎ᠠ ᠪᠠᠷ ᠳᠠᠭᠠᠭᠠᠴᠢᠯᠠᠯᠲᠠ ᠵᠠᠷᠯᠠᠬᠤ ᠶᠢ ᠪᠡᠶᠡᠯᠡᠭᠦᠯᠵᠦ᠂ ᠮᠧᠩ ᠨᠧᠩ 150 ᠲᠦᠮᠡᠨ | ᠺᠢᠯᠣᠸᠠᠲ ᠤᠨ ᠬᠡᠷᠡᠯ ᠴᠡᠨᠡᠭ ᠤᠨ ᠡᠪᠡᠰᠦᠨ ᠤ ᠦᠢᠯᠡᠰ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ | ᠪᠡᠶᠡᠯᠡᠭᠦᠯᠪᠡ᠃ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ 4 ᠲᠦᠮᠡᠨ | ᠲᠡᠭᠰᠢ ᠳᠥᠷᠪᠡᠯᠵᠢᠨ ᠮᠧᠲᠷ ᠵᠣᠬᠢᠶᠠᠨ ᠪᠠᠶᠢᠭᠤᠯᠤᠨ ᠪᠤᠶᠢᠵᠢᠭᠤᠯᠬᠤ ᠲᠥᠪ᠂ 705 ᠬᠦᠯᠡᠮᠵᠢ᠂ 6.8 ᠲᠦᠮᠡᠨ ᠮᠦ | ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠵᠤ᠂ 1.5 ᠲᠦᠮᠡᠨ ᠮᠥ ᠰᠠᠨᠰᠠᠷ ᠤᠨ ᠲᠥᠮᠥᠰᠥ ᠶᠢᠨ | ᠦᠷ᠎ᠡ ᠶᠢᠨ ᠲᠣᠮᠣ ᠲᠠᠷᠢᠶ᠎ᠠ ᠶᠢ ᠰᠣᠩᠭᠤᠨ ᠪᠤᠶᠢᠵᠢᠭᠤᠯᠤᠭᠠᠳ ᠠᠮᠵᠢᠯᠲᠠ ᠣᠯᠵᠤ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠦᠷ᠎ᠡ ᠪᠤᠶᠢᠵᠢᠭᠤᠯᠬᠤ ᠲᠣᠮᠣ ᠰᠢᠶᠠᠨ ᠢᠶᠠᠷ ᠦᠨᠡᠯᠡᠭᠳᠡᠪᠡ᠃ ︽ᠪᠠᠬᠢᠯᠡᠯᠲᠡ︾ ᠶᠢᠨ ᠦᠢᠯᠡᠳᠦᠯ ᠡᠳᠦᠷ | ᠢᠷᠡᠬᠦᠶ᠎ᠡ ᠲᠤᠪᠤᠶᠢᠮ᠎ᠠ ᠪᠣᠯᠪᠠ᠃ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠳᠤ | ᠢᠳᠡᠪᠬᠢᠲᠡᠶ ᠪᠠᠷ ᠠᠭᠤᠰᠤᠯᠴᠠᠵᠤ᠂ ᠤᠮᠠᠷᠠᠲᠤ ᠶᠢᠨ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ᠂ ᠲᠠᠷᠢᠶᠠᠯᠠᠩ ᠤᠨ | ᠪᠦᠲᠦᠭᠡᠭᠳᠡᠬᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠵᠡᠷᠭᠡ | ᠰᠠᠭᠤᠷᠢ ᠪᠡᠯᠡᠳᠬᠡᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠶᠠᠨ ᠤ | ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠰᠢᠶᠠᠨ ᠢᠶᠠᠷ | ᠲᠣᠭᠲᠠᠭᠠᠭᠳᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠱᠠᠩᠳᠤ ᠰᠢᠶᠠᠨ ᠬᠡᠷᠬᠢᠨ ᠥᠭᠡᠷᠡᠴᠢᠯᠡᠯᠲᠡ ᠪᠠᠷ ᠤᠳᠤᠷᠢᠳᠤᠮᠵᠢ | ᠪᠣᠯᠭᠠᠨ ᠠᠵᠤ ᠦᠢᠯᠡᠰ ᠤᠨ ᠲᠠᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠪᠠᠶᠢᠷᠢᠰᠢᠯ ᠢ | ᠰᠢᠯᠢᠳᠡᠭᠵᠢᠭᠦᠯᠬᠦ ᠲᠠᠯ᠎ᠠ ᠪᠠᠷ ᠰᠢᠨ᠎ᠡ ᠶᠢ ᠡᠭᠦᠳᠴᠦ ᠬᠤᠪᠢᠷᠠᠭᠤᠯᠬᠤ ᠪᠠᠷ ᠴᠢᠷᠮᠠᠶᠢᠬᠤ ᠪᠣᠶ︖ | ᠶᠠᠩ ᠸᠧᠨ ᠾᠦᠢ᠄ ᠱᠠᠩᠳᠤ ᠰᠢᠶᠠᠨ ︽ᠡᠷᠡᠰ ᠰᠢᠭᠤᠷᠬᠠᠶ ᠪᠠᠷ ᠶᠠᠪᠤᠵᠤ᠂ ᠰᠠᠨᠠᠭᠠᠴᠢᠯᠠᠭ᠎ᠠ ᠠᠴᠠ ᠪᠠᠨ | ᠲᠣᠬᠢᠷᠠᠭᠤᠯᠵᠤ᠂ ᠬᠤᠪᠢᠷᠠᠭᠤᠯᠬᠤ ᠶᠢ ᠲᠦᠷᠭᠡᠳᠬᠡᠬᠦ︾ ᠲᠣᠭᠤᠷᠢᠨ ᠳᠤ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠬᠤ ᠶᠢ ᠠᠬᠢᠭᠤᠯᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠪᠤᠬᠢᠷᠳᠤᠯ ᠦᠬᠡᠢ᠂ ᠰᠢᠨ᠎ᠡ ᠲᠡᠰᠢ | ᠬᠤᠪᠢᠷᠠᠭᠤᠯᠬᠤ ᠶᠢ ᠠᠬᠢᠭᠤᠯᠤᠨ᠎ᠠ᠃ ︽ᠭᠤᠷᠪᠠᠨ ᠨᠢᠭᠡ ᠪᠦᠯᠦᠭ︾ ᠢ ᠬᠡᠷᠡᠭᠵᠢᠭᠦᠯᠵᠦ ᠠᠵᠤ ᠦᠢᠯᠡᠳᠪᠦᠷᠢ ᠶᠢᠨ | ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠪᠠ᠃ ᠺᠠᠶᠢᠵᠢᠨ᠂ ᠾᠧᠩ ᠺᠧ ᠵᠡᠷᠭᠡ ᠯᠢᠲ᠋ᠢ | ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠤᠨ ᠠᠵᠤ ᠠᠬᠤᠶᠢᠯᠠᠯ ᠤᠨ ︽ᠳᠥᠷᠪᠡᠨ ᠲᠠᠰ ᠳᠡᠪᠰᠢᠭᠦᠯᠬᠦ︾ | ᠠᠵᠢᠯᠯᠠᠭ᠎ᠠ ᠶᠢ ᠬᠡᠷᠡᠭᠵᠢᠭᠦᠯᠬᠦ ᠶᠢ ᠳᠡᠮᠵᠢᠵᠦ᠂ ᠰᠢᠤᠢ ᠶᠠᠩ ᠪᠦᠯᠦᠭᠯᠡᠯ ᠤᠨ ᠰᠢᠨ᠎ᠡ ᠪᠠᠷ ᠪᠠᠶᠢᠭᠤᠯᠤᠭᠰᠠᠨ 20 | ᠲᠦᠮᠡᠨ ᠲᠣᠨ ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠤᠨ ᠲᠥᠷᠥᠯ ᠵᠦᠢᠯ ᠢ ᠣᠷᠣᠭᠤᠯᠤᠨ | ᠠᠪᠴᠢᠷᠠᠵᠤ᠂ ᠯᠢᠲ᠋ᠢ ᠶᠢᠨ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠤᠨ ᠵᠢᠯ ᠤᠨ ᠦᠢᠯᠡᠳᠪᠦᠷᠢᠯᠡᠬᠦ | ᠴᠢᠳᠠᠪᠤᠷᠢ ᠶᠢ 40 ᠲᠦᠮᠡᠨ ᠲᠣᠨ ᠲᠡᠶᠢᠰᠢ ᠤᠷᠤᠭᠰᠢᠯᠠᠭᠤᠯᠬᠤ ᠶᠢ ᠠᠬᠢᠭᠤᠯᠤᠨ᠎ᠠ᠃ ᠶᠧ ᠵᠤᠤ᠂ ᠰᠢᠨ ᠲᠠᠢ ᠵᠡᠷᠭᠡ | ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠳᠡᠰ ᠳᠡᠪᠰᠢᠬᠦ ᠶᠢ | ᠳᠡᠮᠵᠢᠵᠦ᠂ 3 ᠰᠠᠭᠤᠷᠢ 3.3 ᠲᠦᠮᠡᠨ ᠺᠢᠯᠤᠸᠤᠯᠲ᠂ 4 ᠰᠠᠭᠤᠷᠢ 4.8 ᠲᠦᠮᠡᠨ ᠺᠢᠯᠤᠸᠤᠯᠲ ᠤᠨ ᠠᠶᠤᠯᠭᠦᠢ | ᠨᠢᠭᠲᠠ ᠪᠢᠲᠡᠭᠦᠮᠵᠢᠯᠡᠭᠰᠡᠨ ᠠᠭᠤᠷᠬᠠᠢ ᠶᠢᠨ ᠢᠯᠴᠢ ᠶᠢᠨ ᠵᠤᠤᠬ᠎ᠠ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ | ᠣᠷᠣᠭᠤᠯᠤᠨ᠂ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠵᠢᠯ ᠤᠨ ᠦᠢᠯᠡᠳᠪᠦᠷᠢᠯᠡᠬᠦ ᠴᠢᠳᠠᠪᠤᠷᠢ ᠶᠢ 60 | ᠲᠦᠮᠡᠨ ᠲᠣᠨ ᠳᠤ ᠬᠦᠷᠦᠭᠦᠯᠦᠨ᠎ᠡ᠃ ᠰᠦᠵᠧᠦ ᠶᠢᠨ ᠲᠢᠶᠠᠨ ᠱᠦᠨ᠂ ᠴᠢᠩᠳᠣᠤ ᠶᠢᠨ ᠲᠢᠶᠠᠨ ᠨᠧᠩ ᠵᠡᠷᠭᠡ ᠨᠢᠭᠡ | ᠪᠦᠯᠦᠭ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠠᠬᠤᠶᠢᠯᠠᠯ ᠢ | ᠠᠮᠵᠢᠯᠲᠠ ᠲᠠᠢ ᠪᠠᠷ ᠣᠷᠣᠭᠤᠯᠤᠨ ᠠᠪᠴᠢᠷᠠᠵᠤ᠂ ᠤᠯᠠᠭᠠᠨᠴᠠᠪ ᠤᠨ ᠰᠠᠯᠬᠢᠨ ᠬᠦᠴᠦᠨ ᠤ ᠴᠠᠬᠢᠯᠭᠠᠨ ᠤ ᠲᠣᠨᠤᠭ | ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠵᠢᠯ ᠳᠤ 500 ᠢᠵᠢ ᠨᠠᠪᠴᠢ᠂ | 1000 ᠰᠤᠪᠤᠷᠭ᠎ᠠ ᠲᠦᠩᠰᠡ ᠦᠢᠯᠡᠳᠬᠦ ᠶᠢ ᠪᠡᠶᠡᠯᠡᠭᠦᠯᠪᠡ᠃ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ | ᠠᠷᠪᠢᠯᠠᠨ ᠡᠷᠴᠢᠮᠵᠢᠭᠦᠯᠬᠦ ᠶᠢᠨ ᠳᠣᠭᠤᠷᠢᠨ ᠳᠤ᠂ ᠬᠠᠭᠤᠷᠠᠶ ᠲᠠᠷᠢᠮᠠᠯ ᠤᠨ ᠪᠣᠷᠣᠭᠠᠨ ᠤ ᠲᠡᠵᠢᠭᠡᠯ ᠪᠠ ᠤᠰᠤ | ᠠᠷᠪᠢᠯᠠᠬᠤ ᠪᠡᠯᠡᠳᠬᠡᠮᠵᠢ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ ︽ᠣᠰᠤᠨ ᠳᠠᠷᠢᠶ᠎ᠠ ᠶᠢ ᠬᠠᠭᠤᠷᠠᠢ ᠳᠠᠷᠢᠶ᠎ᠠ | ᠪᠣᠯᠭᠠᠬᠤ︾ ᠲᠤᠷᠰᠢᠯᠲᠠ ᠶᠢᠨ ᠴᠡᠭ ᠤᠨ ᠢᠨᠵᠧᠨᠧᠷᠢᠩ ᠤᠨ ᠲᠥᠷᠥᠯ ᠵᠦᠢᠯ ᠢ 14.53 ᠲᠦᠮᠡᠨ ᠮᠥ ᠪᠡᠶᠡᠯᠡᠭᠦᠯᠪᠡ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 21.56 ᠲᠦᠮᠡᠨ ᠮᠦ ᠪᠠᠶᠢᠭᠤᠯᠵᠤ᠂ ᠲᠠᠷᠢᠶᠠᠯᠠᠩ ᠤᠨ | ᠮᠠᠰᠢᠨᠴᠢᠯᠠᠯᠲᠠ ᠶᠢᠨ ᠨᠤᠷᠮ᠎ᠠ ᠶᠢ 85% ᠳᠤ ᠬᠦᠷᠭᠡᠵᠦ᠂ ᠪᠦᠬᠦ ᠤᠯᠤᠰ ᠲᠤ ᠭᠤᠣᠯ ᠪᠣᠯᠬᠤ ᠲᠠᠷᠢᠮᠠᠯ ᠤᠨ | ᠦᠢᠯᠡᠳᠪᠦᠷᠢᠯᠡᠯ ᠤᠨ ᠪᠦᠬᠦ ᠶᠠᠪᠤᠴᠠ ᠶᠢ ᠮᠠᠰᠢᠨᠴᠢᠯᠠᠬᠤ ᠵᠢᠱᠢᠶ᠎ᠡ ᠦᠵᠡᠭᠦᠯᠬᠦ ᠰᠢᠶᠠᠨ ᠢ ᠡᠩ ᠲᠡᠷᠢᠭᠦᠨ ᠳᠤ | ᠦᠨᠳᠦᠰᠦᠨ ᠳᠡᠭᠡᠨ ᠪᠡᠶᠡᠯᠡᠭᠦᠯᠪᠡ᠃ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠵᠢᠭᠤᠯᠴᠢᠯᠠᠯ ᠤᠨ ᠠᠵᠤ | ᠦᠢᠯᠡᠰ ᠤᠨ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠨ᠎ᠠ᠃ ᠳ᠋ᠦᠩ ᠵᠢᠶᠠ ᠲᠣᠰᠬᠤᠨ᠂ ᠰᠢᠶᠤᠤ ᠮᠢᠶᠣᠤᠽᠢ | ᠭᠠᠴᠠᠭ᠎ᠠ ᠵᠡᠷᠭᠡ ᠬᠥᠳᠡᠭᠡ ᠲᠣᠰᠬᠤᠨ ᠤ ᠤᠨᠴᠠᠯᠢᠬᠳᠤ ᠵᠢᠭᠤᠯᠴᠢᠯᠠᠯ ᠠᠭᠠᠵᠢᠮ ᠢᠶᠠᠷ ᠬᠥᠭᠵᠢᠵᠦ᠂ ᠪᠦᠯᠢᠶᠡᠨ ᠾᠧ | ᠰᠢ ᠶᠤᠸᠠᠨ ᠠᠮᠢ ᠠᠬᠤᠶ ᠶᠢᠨ ᠵᠢᠭᠤᠯᠴᠢᠯᠠᠯ ᠤᠨ ᠣᠷᠣᠨ ᠤᠯᠤᠰ ᠤᠨ 3A ᠲᠠᠰ ᠤᠨ ᠦᠵᠡᠮᠵᠢ ᠶᠢᠨ ᠣᠷᠣᠨ ᠢᠶᠠᠷ | ᠦᠨᠡᠯᠡᠭᠳᠡᠵᠦ᠂ ᠠᠯᠲᠠᠨ ᠴᠢᠯᠠᠭᠤᠨ ᠠᠭᠤᠯᠠ ᠶᠢᠨ ᠮᠦᠰᠦᠳᠦᠯᠭᠡ ᠶᠢᠨ ᠭᠠᠵᠠᠷ ᠰᠢᠨᠵᠢᠯᠡᠭᠡᠨ ᠤ ᠴᠡᠴᠡᠷᠯᠢᠭ | ᠤᠯᠤᠰ ᠤᠨ 2A ᠲᠠᠰ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ ᠵᠢᠭᠤᠯᠴᠢᠯᠠᠯ ᠤᠨ ᠦᠢᠯᠡᠰ ᠤᠨ ᠪᠠᠶᠢᠳᠠᠯ | ᠨᠠᠩ ᠡᠯᠪᠡᠭ ᠪᠠᠶᠠᠯᠢᠭ ᠪᠣᠯᠪᠠ᠃ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠳᠤᠮᠳᠠᠳᠤ ᠤᠯᠤᠰ ᠤᠨ | ᠲᠥᠮᠥᠰᠥ ᠶᠢᠨ ᠠᠵᠤ ᠦᠢᠯᠡᠰ ᠤᠨ ᠶᠡᠭᠡ ᠬᠤᠷᠠᠯ ᠤᠨ ᠲᠤᠬᠠᠶ ᠶᠢᠨ ᠲᠠᠯᠠᠪᠠᠶ ᠶᠢᠨ ᠲᠣᠭᠤᠷᠢᠨ ᠦᠵᠡᠬᠦ | ᠠᠵᠢᠯᠯᠠᠭ᠎ᠠ ᠶᠢ ᠲᠡᠭᠦᠰ ᠠᠮᠵᠢᠯᠲᠠ ᠲᠠᠢ ᠳᠠᠭᠠᠭᠠᠴᠢᠯᠠᠨ ᠡᠷᠭᠢᠯᠡᠵᠦ᠂ ︽ᠫᠢᠸᠤ᠋ ᠶᠢᠨ ᠨᠠᠶᠢᠷ︾ ︽ᠬᠥᠳᠡᠭᠡ | ᠲᠣᠰᠬᠤᠨ ᠤ ᠳᠠᠭᠤᠤ ᠬᠥᠭᠵᠢᠮ ᠤᠨ ᠨᠠᠶᠢᠷ︾ ᠢ ᠠᠮᠵᠢᠯᠲᠠ ᠲᠠᠢ ᠡᠷᠭᠢᠯᠡᠵᠦ᠂ ᠲᠠᠷᠢᠶᠠᠯᠠᠩ ᠰᠣᠶᠣᠯ | ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠱᠠᠩᠳᠤ ᠰᠢᠶᠠᠨ ᠥᠭᠡᠷᠡᠴᠢᠯᠡᠯᠲᠡ ᠪᠠᠷ ᠭᠤᠤᠯ ᠪᠣᠯᠭᠠᠨ | ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠦᠴᠢᠷ ᠠᠰᠠᠭᠤᠳᠠᠯ ᠢ ᠬᠡᠷᠬᠢᠨ ᠰᠢᠢᠳᠪᠦᠷᠢᠯᠡᠵᠦ᠂ ᠣᠯᠠᠨ ᠲᠦᠮᠡᠨ ᠤ | ᠬᠦᠰᠡᠯ ᠡᠷᠡᠮᠡᠯᠵᠡᠯ ᠳᠤ ᠬᠠᠷᠢᠭᠤᠯᠲᠠ ᠥᠭᠬᠦ ᠲᠠᠯ᠎ᠠ ᠪᠠᠷ ᠰᠡᠳᠬᠢᠯ ᠲᠠᠯᠪᠢᠵᠤ ᠪᠠᠶᠢᠭ᠎ᠠ ᠪᠣᠶ︖ | ᠶᠠᠩ ᠸᠧᠨ ᠾᠦᠢ᠄ ᠬᠥᠮᠦᠨ ᠠᠮᠠ ᠶᠢᠨ ᠨᠠᠰᠤᠵᠢᠯᠲᠠ ᠶᠢᠨ ᠠᠰᠠᠭᠤᠳᠠᠯ ᠤᠨ ᠡᠮᠦᠨ᠎ᠡ᠂ ᠱᠠᠩᠳᠤ ᠰᠢᠶᠠᠨ ᠠᠵᠢᠯ | ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠠᠷᠠᠳ ᠤᠨ ᠠᠮᠢᠳᠤᠷᠠᠯ ᠤᠨ | ᠴᠢᠬᠤᠯᠠ ᠶᠠᠪᠤᠳᠠᠯ ᠢ ᠣᠨᠢᠯᠠᠵᠤ᠂ ᠴᠢᠭᠯᠡᠯ ᠢᠶᠠᠨ ᠣᠨᠣᠪᠴᠢᠲᠠᠶ ᠣᠯᠵᠤ᠂ ᠤᠷᠢᠳᠴᠢᠯᠠᠨ ᠲᠥᠯᠥᠪᠵᠢᠭᠦᠯᠵᠦ᠂ ︽ | ᠭᠤᠷᠪᠠᠨ ᠰᠢᠰᠲ᠋ᠧᠮ︾ ᠤᠨ ᠥᠭᠡᠷᠡᠴᠢᠯᠡᠯᠲᠡ ᠶᠢ ᠴᠢᠷᠮᠠᠶᠢᠨ ᠠᠬᠢᠭᠤᠯᠪᠠ᠃ ᠠᠵᠢᠯ ᠣᠯᠭᠤᠯᠲᠠ ᠶᠢᠨ | ᠦᠢᠯᠡᠴᠢᠯᠡᠭᠡᠨ ᠤ ᠰᠢᠰᠲ᠋ᠧᠮ ᠤᠨ ᠥᠭᠡᠷᠡᠴᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠦᠨ ᠠᠵᠢᠯ ᠣᠯᠭᠤᠯᠲᠠ ᠶᠢᠨ | ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠠᠵᠢᠯ ᠣᠯᠭᠤᠬᠤ ᠦᠢᠯᠡᠴᠢᠯᠡᠭᠡ ᠶᠢ ᠣᠯᠠᠨ ᠠᠷᠭ᠎ᠠ ᠵᠠᠮ ᠢᠶᠠᠷ | ᠲᠦᠯᠬᠢᠨ ᠠᠬᠢᠭᠤᠯᠵᠤ᠂ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾᠂ ︽ᠰᠤᠯᠠ ᠠᠵᠢᠯ ᠤᠨ | ᠵᠠᠬ᠎ᠠ ᠳᠡᠯᠭᠡᠭᠦᠷ︾ ᠢᠶᠠᠷ ᠳᠠᠮᠵᠢᠭᠤᠯᠤᠨ ᠣᠯᠠᠨ ᠲᠦᠮᠡᠨ ᠤ ᠣᠶᠢᠷ᠎ᠠ ᠬᠠᠪᠢ ᠳᠠᠭᠠᠨ ᠠᠵᠢᠯ ᠰᠣᠩᠭᠤᠬᠤ᠂ ︽ | ᠤᠷᠢᠬᠠᠨ ᠰᠠᠯᠬᠢ ᠠᠵᠢᠯᠯᠠᠭ᠎ᠠ︾ ᠪᠠᠷ ᠭᠠᠳᠠᠭᠰᠢ ᠭᠠᠷᠴᠤ ᠠᠵᠢᠯ ᠣᠯᠬᠤ ᠠᠷᠭ᠎ᠠ ᠵᠠᠮ ᠢ ᠰᠠᠭᠠᠳ ᠦᠭᠡᠢ | ᠨᠡᠪᠲᠡᠷᠡᠭᠦᠯᠬᠦ᠂ ︽ᠱᠠᠩᠨᠠᠬᠤ ᠪᠠᠷ ᠨᠥᠬᠦᠪᠦᠷᠢ ᠶᠢ ᠣᠷᠣᠯᠠᠭᠤᠯᠬᠤ︾ ᠪᠠᠷ ᠪᠡᠶ᠎ᠡ ᠪᠠᠨ ᠳᠠᠭᠠᠭᠠᠵᠤ ᠠᠳᠠᠯ ᠦᠢᠯᠡᠰ | ᠴᠣᠭᠴᠠᠯᠠᠬᠤ ᠶᠢ ᠭᠦᠢᠴᠡᠳ ᠵᠣᠷᠢᠭᠵᠢᠭᠤᠯᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ | ᠨᠣᠷᠮ᠎ᠠ ᠶᠢ ᠢᠮᠠᠭᠲᠠ 4.3% ᠶᠢᠨ ᠳᠣᠲᠣᠷ᠎ᠠ ᠬᠢᠵᠠᠭᠠᠷᠯᠠᠨ᠎ᠠ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ | ᠥᠭᠡᠷᠡᠴᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠦᠨ ᠬᠥᠮᠦᠨ ᠠᠮᠠ ᠶᠢᠨ ᠨᠠᠰᠤᠵᠢᠯᠲᠠ ᠶᠢᠨ ᠠᠰᠠᠭᠤᠳᠠᠯ ᠢ | ᠢᠳᠡᠪᠬᠢᠲᠡᠶ ᠠᠷᠭᠠᠴᠠᠭᠠᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠦᠲᠦᠮᠵᠢᠲᠡᠶ ᠬᠠᠩᠭᠠᠯᠭ᠎ᠠ ᠶᠢ | ᠥᠷᠭᠡᠳᠬᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ | ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠦᠨᠳᠦᠰᠦᠨ ᠪᠠᠲᠤᠯᠠᠭ᠎ᠠ ᠶᠢ ᠪᠠᠲᠤᠯᠠᠪᠠᠰᠤ | ᠵᠣᠬᠢᠬᠤ ᠶᠢ ᠨᠢ ᠪᠦᠬᠦᠨ ᠢ ᠪᠠᠲᠤᠯᠠᠵᠤ᠂ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ︽ | ᠭᠤᠷᠪᠠ ᠶᠢ ᠵᠠᠰᠠᠵᠤ ᠭᠤᠷᠪᠠ ᠶᠢ ᠥᠭᠡᠷᠡᠴᠢᠯᠡᠬᠦ︾ ᠶᠢ 10 ᠪᠡᠶᠡᠯᠡᠭᠦᠯᠵᠦ᠂ ᠰᠢᠶᠠᠩ ᠪᠠᠯᠭᠠᠰᠤᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠪ ᠢ 6 ᠰᠢᠨ᠎ᠡ ᠪᠠᠷ ᠪᠠᠶᠢᠭᠤᠯᠵᠤ᠂ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠵᠢᠱᠢᠶ᠎ᠡ ᠦᠵᠡᠭᠦᠯᠬᠦ 1 ᠥᠷᠲᠡᠭᠡ ᠶᠢ ᠪᠠᠶᠢᠭᠤᠯᠵᠤ᠂ 6 ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢ | ᠪᠠᠶᠢᠭᠤᠯᠵᠤ᠂ ᠰᠢᠶᠠᠨ ᠤ ᠡᠮᠴᠢᠯᠡᠭᠡ ᠰᠤᠪᠢᠯᠠᠯᠲᠠ ᠶᠢᠨ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡ | ᠰᠤᠪᠢᠯᠠᠯᠲᠠ ᠶᠢ ᠤᠶᠠᠯᠳᠤᠭᠤᠯᠤᠭᠰᠠᠨ ᠵᠢᠱᠢᠶ᠎ᠡ ᠦᠵᠡᠭᠦᠯᠬᠦ ᠪᠠᠶᠢᠭᠤᠯᠤᠮᠵᠢ ᠪᠠᠷ ᠦᠨᠡᠯᠡᠭᠳᠡᠪᠡ᠃ ᠡᠮ ᠡᠮᠨᠡᠯᠭᠡ | ᠰᠤᠷᠭᠠᠨ ᠬᠥᠮᠦᠵᠢᠯ ᠤᠨ ᠬᠠᠩᠭᠠᠯᠭ᠎ᠠ ᠶᠢᠨ ᠰᠢᠰᠲ᠋ᠧᠮ ᠤᠨ ᠥᠭᠡᠷᠡᠴᠢᠯᠡᠯᠲᠡ ᠳᠤ ᠠᠩᠬᠠᠷᠤᠯ ᠢᠶᠠᠨ ᠬᠠᠨᠳᠤᠭᠤᠯᠵᠤ᠂ | ᠡᠮ ᠡᠮᠨᠡᠯᠬᠡ ᠰᠤᠷᠭᠠᠨ ᠬᠦᠮᠦᠵᠢᠯ ᠤᠨ ᠵᠦᠷᠢᠶᠡᠨ ᠤ ᠠᠰᠠᠭᠤᠳᠠᠯ ᠢ ᠴᠢᠷᠮᠠᠶᠢᠨ ᠰᠠᠶᠢᠵᠢᠷᠠᠭᠤᠯᠪᠡ᠃ | ᠪᠦᠯᠦᠭᠯᠡᠯᠵᠢᠭᠦᠯᠦᠨ ᠰᠤᠷᠭᠠᠭᠤᠯᠢ ᠡᠷᠬᠢᠯᠡᠬᠦ ᠶᠢ ᠭᠦᠨᠵᠡᠭᠡᠢ ᠳᠡᠯᠭᠡᠷᠡᠭᠦᠯᠵᠦ᠂ ᠰᠤᠷᠭᠠᠨ ᠬᠥᠮᠦᠵᠢᠯ ᠤᠨ ᠴᠢᠨᠠᠷ | ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠲᠦᠭᠡᠮᠡᠯᠵᠢᠭᠦᠯᠬᠦ ᠳᠤ ᠲᠦᠭᠡᠮᠡᠯ ᠬᠠᠷᠠᠭᠠᠯᠵᠠᠯᠲᠤ ᠰᠢᠶᠠᠨ ᠢ ᠡᠭᠦᠳᠦᠨ ᠪᠠᠶᠢᠭᠤᠯᠤᠭᠰᠠᠨ ᠨᠢ ᠤᠯᠤᠰ ᠤᠨ ᠰᠢᠯᠭᠠᠨ | ᠠᠪᠤᠯᠲᠠ ᠶᠢ ᠥᠩᠭᠡᠷᠡᠭᠡᠵᠦ᠂ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠵᠢᠯ | ᠲᠥᠷᠥᠯ ᠤᠨ ᠰᠢᠰᠲ᠋ᠧᠮ ᠢᠶᠠᠷ ᠢᠶᠠᠨ ᠰᠤᠷᠭᠠᠭᠤᠯᠢ ᠳᠡᠪᠰᠢᠬᠦ ᠨᠣᠷᠮ᠎ᠠ ᠶᠢ 22 ᠵᠢᠯ ᠳᠠᠷᠠᠭᠠᠯᠠᠨ ᠪᠥᠬᠦ ᠬᠤᠲᠠ ᠳᠤ | ᠲᠡᠷᠢᠭᠦᠯᠡᠵᠦ᠂ ᠰᠤᠷᠭᠠᠨ ᠬᠥᠮᠦᠵᠢᠯ ᠤᠨ ᠶᠠᠮᠤᠨ ᠤ ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ | ᠬᠥᠳᠡᠯᠮᠦᠷᠢ ᠶᠢᠨ ᠰᠤᠷᠭᠠᠨ ᠬᠥᠮᠦᠵᠢᠯ ᠤᠨ ᠲᠤᠷᠰᠢᠯᠲᠠ ᠶᠢᠨ ᠣᠷᠣᠨ ᠵᠢᠴᠢ ᠤᠯᠤᠰ ᠤᠨ ᠬᠥᠳᠡᠭᠡ ᠲᠣᠰᠬᠤᠨ ᠤ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠨᠠᠰᠤᠨ ᠳᠤ ᠭᠦᠷᠦᠭᠰᠡᠳ ᠤᠨ ᠰᠤᠷᠭᠠᠨ ᠬᠥᠮᠦᠵᠢᠯ ᠤᠨ ᠵᠢᠱᠢᠶ᠎ᠡ | ᠦᠵᠡᠭᠦᠯᠬᠦ ᠰᠢᠶᠠᠨ ᠢᠶᠠᠷ ᠦᠨᠡᠯᠡᠭᠳᠡᠪᠡ᠃ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ᠂ ᠵᠡᠮᠳᠡᠭᠴᠦᠳ ᠤᠨ | ᠡᠷᠡᠭᠦᠯᠵᠢᠯ ᠤᠨ ᠲᠥᠪ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ | ᠠᠰᠢᠭᠯᠠᠯᠲᠠ ᠳᠤ ᠣᠷᠣᠵᠤ᠂ ᠤᠷᠢᠳ ᠬᠤᠵᠢᠳ ᠶᠢᠤ ᠢ᠂ ᠠᠨ ᠵᠧᠨ ᠵᠡᠷᠭᠡ 7 ᠨᠡᠶᠢᠰᠯᠡᠯ ᠤᠨ ᠲᠡᠷᠢᠭᠦᠨ ᠤ | ᠡᠮᠨᠡᠯᠭᠡ ᠶᠢᠨ ᠬᠤᠷᠢᠶ᠎ᠠ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠪᠡᠭᠡᠵᠢᠩ ᠤᠨ ᠲᠤᠰᠬᠠᠶ ᠮᠡᠷᠭᠡᠵᠢᠯᠲᠡᠨ ᠤ | ᠠᠵᠢᠯ ᠤᠨ ᠥᠷᠲᠡᠭᠡ ᠫᠠᠶᠢᠰᠠ ᠡᠯᠭᠦᠨ ᠪᠠᠶᠢᠭᠤᠯᠤᠭᠳᠠᠵᠤ᠂ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠥᠲᠥᠭᠡᠨ | ᠪᠠᠶᠢᠭᠤᠯᠤᠯᠲᠠ ᠪᠣᠳᠠᠲᠤ ᠦᠷ᠎ᠡ ᠪᠦᠲᠦᠮᠵᠢ ᠤᠯᠪᠠ᠃ ᠳᠠᠷᠠᠭᠠᠴᠢ ᠶᠢᠨ ᠠᠯᠬᠤᠮ ᠳᠤ᠂ ᠱᠠᠩᠳᠤ ᠰᠢᠶᠠᠨ | ᠦᠷᠭᠦᠯᠵᠢᠯᠡᠨ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ | ᠬᠤᠳᠠ ᠶᠢᠨ ᠨᠠᠮ ᠤᠨ ᠬᠤᠷᠢᠶᠠᠨ ᠤ ᠲᠤᠬᠢᠷᠠᠭᠤᠯᠤᠯᠳᠠ ᠪᠠᠶᠢᠷᠢᠯᠠᠭᠤᠯᠤᠯᠲᠠ ᠶᠣᠰᠣᠭᠠᠷ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ | ᠴᠢᠭᠯᠡᠯ ᠢ ᠣᠨᠣᠪᠴᠢᠲᠠᠢ ᠡᠵᠡᠮᠳᠡᠵᠦ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠴᠢᠬᠤᠯᠠ | ᠬᠦᠷᠢᠶ᠎ᠠ ᠲᠠᠢ ᠨᠢᠭᠲᠠ ᠤᠶᠠᠯᠳᠤᠭᠤᠯᠤᠨ ᠮᠥᠷᠳᠡᠨ ᠬᠢᠨᠠᠨ ᠵᠢᠯᠣᠭᠤᠳᠬᠤ ᠶᠢ ᠰᠠᠶᠢᠲᠤᠷ ᠠᠳᠬᠤᠵᠤ᠂ | ᠥᠭᠡᠷᠡᠴᠢᠯᠡᠯᠲᠡ ᠶᠢᠨ ᠦᠷ᠎ᠡ ᠪᠦᠲᠦᠭᠡᠯ ᠳᠤ ᠠᠩᠬᠠᠷᠤᠯ ᠢᠶᠠᠨ ᠲᠥᠪᠯᠡᠷᠡᠭᠦᠯᠦᠨ ᠱᠠᠯᠠᠪᠳᠠᠭᠤᠯᠤᠨ ᠪᠠᠶᠢᠴᠠᠭᠠᠵᠤ ᠦᠷ᠎ᠡ | ᠪᠦᠲᠦᠮᠵᠢ ᠶᠢ ᠠᠰᠠᠭᠤᠬᠤ ᠶᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠠᠩᠬ᠎ᠠ ᠡᠭᠦᠳᠦᠯᠲᠡ ᠶᠢ | ᠴᠢᠬᠤᠯᠠᠴᠢᠯᠠᠵᠤ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠶᠢ ᠰᠠᠶᠢᠲᠤᠷ ᠠᠳᠬᠤᠵᠤ᠂ ᠥᠪᠡᠷᠮᠢᠴᠡ | ᠣᠨᠴᠠᠯᠢᠭ ᠲᠠᠢ ᠬᠢᠯᠠᠰ ᠴᠡᠭ ᠤᠨ ᠲᠣᠭᠤᠷᠢᠨ ᠳᠤ ᠤᠬᠠᠭᠤᠯᠤᠨ ᠳᠡᠯᠭᠡᠷᠡᠭᠦᠯᠬᠦ ᠶᠢ ᠰᠠᠶᠢᠲᠤᠷ ᠠᠳᠬᠤᠵᠤ᠂ | ᠱᠠᠩᠳᠤ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠠᠨᠤᠮᠵᠢᠲᠠᠢ ᠬᠠᠷᠢᠭᠤᠯᠲᠠ ᠶᠢᠨ | ᠬᠠᠭᠤᠳᠠᠰᠤ ᠶᠢ ᠲᠤᠰᠢᠶᠠᠬᠤ ᠪᠠᠷ ᠴᠢᠷᠮᠠᠶᠢᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |