ᠨᠢᠭᠡ᠂ ᠲᠣᠭᠲᠠᠭᠠᠭᠰᠠᠨ ᠠᠬᠤᠶ ᠪᠠᠶᠢᠳᠠᠯ | ︽ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠥᠪᠥᠷ ᠵᠠᠰᠠᠭ ᠠᠯᠪᠠᠨ | ᠲᠠᠷᠬᠠᠭᠠᠭᠰᠠᠨ ︹2022︺ 19 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠨᠧᠷᠭᠢ ᠶᠢᠨ | ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠣᠬᠢᠷᠠᠭᠤᠯᠵᠤ᠂ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠴᠡᠪᠡᠷ ᠠᠮᠤᠷ ᠲᠦᠪᠰᠢᠨ ᠥᠨᠳᠥᠷ ᠪᠦᠲᠦᠮᠵᠢᠲᠡᠶ ᠡᠨᠧᠷᠭᠢ ᠶᠢᠨ ᠰᠢᠰᠲ᠋ᠧᠮ ᠢ ᠪᠠᠶᠢᠭᠤᠯᠵᠤ᠂ | ᠳᠠᠬᠢᠨ ᠡᠭᠦᠰᠴᠦ ᠪᠣᠯᠬᠤ ᠡᠨᠧᠷᠭᠢ ᠶᠢ ᠨᠡᠭᠡᠭᠡᠨ ᠬᠥᠭᠵᠢᠭᠦᠯᠬᠦ ᠬᠢᠷᠢ ᠲᠦᠪᠰᠢᠨ ᠪᠠ ᠠᠰᠢᠭᠯᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠮᠠᠨ ᠤ ᠬᠤᠲᠠ ᠶᠢᠨ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠤᠨ ᠰᠢᠨ᠎ᠡ | ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠮᠠᠨ ᠤ | ᠬᠤᠲᠠ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ︽ᠤᠯᠠᠭᠠᠨᠴᠠᠪ ᠬᠤᠲᠠ ᠶᠢᠨ ᠰᠢᠨ᠎ᠡ ᠡᠨᠧᠷᠭᠢ ᠶᠢᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠰᠥᠯ ︵2024 ᠣᠨ ᠤ ᠵᠠᠰᠠᠪᠤᠷᠢ | ᠣᠷᠣᠭᠤᠯᠤᠭᠰᠠᠨ ᠬᠡᠪᠯᠡᠯ︶︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠨᠠᠶᠢᠷᠠᠭᠤᠯᠤᠨ ᠵᠣᠬᠢᠶᠠᠪᠠ᠃ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ 21 ᠳ᠋ᠤᠭᠡᠷ ᠤᠳᠠᠭᠠᠨ ᠤ ᠪᠠᠶᠢᠩᠭᠤ ᠶᠢᠨ | ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ | ᠳᠠᠷᠤᠮᠠᠯᠯᠠᠨ ᠲᠠᠷᠬᠠᠭᠠᠨ᠎ᠠ᠃ | ᠬᠤᠶᠠᠷ᠂ ᠭᠤᠣᠯ ᠠᠭᠤᠯᠭ᠎ᠠ | ︽ᠲᠥᠰᠦᠯ︾ ᠨᠢ ᠭᠤᠷᠪᠠᠨ ᠬᠡᠰᠡᠭ ᠢᠶᠠᠷ ᠪᠦᠷᠢᠯᠳᠦᠵᠡᠶ᠃ | ᠨᠢᠭᠡᠳᠦᠭᠡᠷ ᠬᠡᠰᠡᠭ᠄ ᠶᠡᠷᠦᠩᠬᠡᠢ ᠱᠠᠭᠠᠷᠳᠠᠯᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ | ᠪᠣᠯᠭᠠᠵᠤ᠂ ︽ᠳᠥᠷᠪᠡᠨ ᠬᠤᠪᠢᠰᠬᠠᠯ᠂ ᠨᠢᠭᠡ ᠬᠠᠮᠲᠤᠷᠠᠯᠴᠠᠭ᠎ᠠ︾ ᠶᠢᠨ ᠡᠨᠧᠷᠭᠢ ᠶᠢᠨ ᠠᠮᠤᠷ ᠲᠦᠪᠰᠢᠨ ᠤ ᠰᠢᠨ᠎ᠡ | ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠡᠪᠴᠢᠶᠡᠵᠢᠭᠦᠯᠦᠨ | ᠪᠠᠶᠢᠷᠢᠯᠠᠭᠤᠯᠬᠤ᠂ ᠲᠤᠰᠬᠠᠶᠢᠵᠢᠭᠤᠯᠤᠨ ᠨᠡᠭᠡᠭᠡᠨ ᠬᠥᠭᠵᠢᠭᠦᠯᠬᠦ᠂ ᠠᠵᠤ ᠦᠶᠢᠯᠡᠰᠵᠢᠭᠦᠯᠦᠨ ᠠᠬᠢᠭᠤᠯᠬᠤ᠂ ᠵᠠᠬ᠎ᠠ | ᠳᠡᠯᠭᠡᠭᠦᠷᠴᠢᠯᠡᠨ ᠠᠵᠢᠯᠯᠠᠭᠤᠯᠬᠤ︾ ᠵᠠᠷᠴᠢᠮ ᠶᠣᠰᠣᠭᠠᠷ᠂ ᠰᠢᠨ᠎ᠡ ᠡᠨᠧᠷᠭᠢ ᠶᠢᠨ ᠠᠵᠤ ᠦᠢᠯᠡᠰ ᠢ ᠴᠢᠨᠠᠷ ᠰᠠᠶᠢᠲᠠᠶ | ᠬᠥᠭᠵᠢᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠣᠯᠬᠤ ᠳᠤ᠂ ᠰᠢᠨ᠎ᠡ ᠡᠨᠧᠷᠭᠢ ᠶᠢᠨ | ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠦᠷᠭᠦᠯᠵᠢᠯᠡᠨ 2300 ᠲᠦᠮᠡᠨ ᠺᠢᠯᠣᠸᠠᠲ ᠪᠣᠯᠵᠤ᠂ | ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠡᠵᠡᠯᠡᠬᠦ ᠬᠠᠷᠢᠴᠠᠯ 60% ᠣᠷᠴᠢᠮ ᠳᠤ ᠬᠦᠷᠴᠦ᠂ ᠴᠠᠬᠢᠯᠭᠠᠨ | ᠭᠠᠷᠭᠠᠬᠤ ᠬᠡᠮᠵᠢᠶ᠎ᠡ ᠶᠢᠨ ᠡᠵᠡᠯᠡᠬᠦ ᠬᠠᠷᠢᠴᠠᠯ 40% ᠶᠢ ᠳᠠᠪᠠᠨ᠂ ᠥᠪᠡᠷᠲᠡᠭᠡᠨ ᠵᠠᠰᠠᠬᠤ ᠣᠷᠣᠨ ᠤ ᠰᠢᠨ᠎ᠡ | ᠡᠨᠧᠷᠭᠢ ᠶᠢᠨ ᠴᠠᠬᠢᠯᠭᠠᠨ ᠭᠠᠷᠭᠠᠬᠤ ᠶᠡᠷᠦᠩᠬᠡᠶ ᠬᠡᠮᠵᠢᠶ᠎ᠡ ᠢᠯᠴᠢ ᠶᠢᠨ ᠴᠠᠬᠢᠯᠭᠠᠨ ᠤ ᠴᠠᠬᠢᠯᠭᠠᠨ ᠭᠠᠷᠭᠠᠬᠤ ᠶᠡᠷᠦᠩᠬᠡᠶ | ᠬᠡᠮᠵᠢᠶ᠎ᠡ ᠠᠴᠠ ᠬᠡᠲᠦᠷᠡᠭᠰᠡᠨ ᠬᠥᠭᠵᠢᠯᠲᠡ ᠶᠢᠨ ᠬᠠᠷᠠᠯᠲᠠ ᠶᠢ ᠤᠷᠢᠳᠠᠪᠠᠷ ᠪᠡᠶᠡᠯᠡᠭᠦᠯᠵᠦ᠂ ᠠᠷᠢᠭᠤᠨ ᠴᠡᠪᠡᠷ | ᠨᠡᠭᠦᠷᠡᠰᠦᠲᠥ᠋ᠷᠥᠭᠴᠢ ᠪᠠᠭ᠎ᠠ᠂ ᠠᠮᠤᠷ ᠲᠦᠪᠰᠢᠨ ᠥᠨᠳᠥᠷ ᠪᠦᠲᠦᠮᠵᠢᠲᠡᠶ ᠣᠳᠣ ᠦᠶ᠎ᠡ ᠶᠢᠨ ᠡᠨᠧᠷᠭᠢ ᠶᠢᠨ | ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠵᠦ᠂ ᠰᠠᠯᠬᠢ ᠭᠡᠷᠡᠯ ᠤᠰᠤᠲᠥ᠋ᠷᠥᠭᠴᠢ ᠶᠢ ᠨᠥᠭᠡᠴᠡᠯᠡᠬᠦ ᠠᠵᠤ | ᠦᠢᠯᠡᠰ ᠤᠨ ᠬᠡᠯᠬᠢᠶ᠎ᠡ ᠶᠢᠨ ᠬᠡᠪᠴᠢᠶ᠎ᠡ ᠦᠷᠭᠦᠯᠵᠢᠯᠡᠨ ᠪᠤᠵᠠᠭᠠᠶᠢᠷᠠᠵᠤ᠂ ᠡᠬᠢ ᠪᠠᠶᠠᠯᠢᠭ ᠤᠨ ᠳᠠᠪᠠᠭᠤᠯᠢᠭ ᠢ ᠠᠵᠤ | ᠦᠢᠯᠡᠰ ᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ | ᠣᠯᠪᠠ᠃ | ᠬᠤᠶᠠᠳᠤᠭᠠᠷ ᠬᠡᠰᠡᠭ᠄ ᠭᠤᠣᠯᠳᠠᠯᠭ᠎ᠠ ᠲᠠᠢ ᠡᠭᠦᠷᠭᠡ᠃ ᠭᠤᠤᠯ ᠠᠭᠤᠯᠭ᠎ᠠ ᠨᠢ ᠳᠣᠣᠷᠠᠬᠢ ᠲᠠᠪᠤᠨ ᠲᠠᠯ᠎ᠠ ᠳᠤ | ᠬᠤᠯᠪᠣᠭᠳᠠᠨ᠎ᠠ᠃ | ︵ᠨᠢᠭᠡ︶ ᠡᠬᠢ ᠪᠠᠶᠠᠯᠢᠭ ᠤᠨ ᠪᠠᠶᠢᠳᠠᠯ ᠢ ᠤᠶᠢᠯᠠᠭᠠᠬᠤ ᠨᠡᠶᠢᠳᠡᠮ ᠪᠠᠶᠢᠴᠠᠭᠠᠯᠲᠠ᠃ 1. ᠰᠠᠯᠬᠢᠨ ᠡᠨᠧᠷᠭᠢ᠂ | ᠨᠡᠷᠡᠨ ᠡᠨᠧᠷᠭᠢ ᠶᠢᠨ ᠡᠬᠢ ᠪᠠᠶᠠᠯᠢᠭ ᠤᠨ ᠪᠠᠶᠢᠳᠠᠯ ᠢ ᠲᠣᠳᠣᠷᠬᠠᠶ ᠣᠶᠢᠯᠠᠭᠠᠬᠤ ᠬᠡᠷᠡᠭᠲᠡᠶ᠃ 2. ᠰᠠᠯᠬᠢᠨ ᠡᠨᠧᠷᠭᠢ᠂ | ᠨᠡᠷᠡᠨ ᠡᠨᠧᠷᠭᠢ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ | ︵ᠬᠤᠶᠠᠷ︶ ᠬᠡᠷᠡᠭᠯᠡᠭᠡᠨ ᠤ ᠪᠠᠶᠢᠳᠠᠯ ᠢ ᠥᠷᠭᠡᠳᠬᠡᠨ᠎ᠡ᠃ 1. ᠪᠥᠬᠦ ᠬᠤᠲᠠ ᠶᠢᠨ ᠰᠢᠨ᠎ᠡ ᠪᠠᠷ ᠨᠡᠮᠡᠭᠳᠡᠭᠰᠡᠨ | ᠴᠠᠬᠢᠯᠭᠠᠨ ᠬᠦᠴᠦᠨ ᠤ ᠳᠠᠭᠠᠭᠠᠴᠠ ᠶᠢᠨ ᠪᠠᠶᠢᠳᠠᠯ ᠢ ᠨᠢᠭᠡᠳᠦᠯᠲᠡᠶ ᠲᠥᠯᠥᠪᠯᠡᠨ ᠣᠶᠢᠯᠠᠭᠠᠨ᠎ᠠ᠃ 2. ᠵᠠᠬ᠎ᠠ | ᠳᠡᠯᠭᠡᠭᠦᠷᠴᠢᠯᠡᠨ ᠲᠣᠤᠷ ᠨᠡᠶᠢᠯᠡᠭᠦᠯᠬᠦ ᠲᠥᠷᠥᠯ ᠵᠦᠢᠯ ᠤᠨ ᠨᠡᠭᠡᠭᠡᠨ ᠬᠥᠭᠵᠢᠭᠦᠯᠬᠦ ᠠᠷᠭ᠎ᠠ ᠪᠣᠳᠣᠯᠭ᠎ᠠ ᠶᠢ ᠲᠥᠷᠥᠯ | ᠬᠤᠪᠢᠶᠠᠨ ᠲᠣᠭᠲᠠᠭᠠᠨ᠎ᠠ᠃ 3. ᠪᠠᠲᠤᠯᠠᠭ᠎ᠠ ᠶᠢᠨ ᠴᠢᠨᠠᠷᠲᠠᠶ ᠲᠣᠤᠷ ᠨᠡᠶᠢᠯᠡᠭᠦᠯᠦᠨ ᠰᠢᠩᠭᠡᠭᠡᠬᠦ ᠲᠥᠷᠥᠯ ᠵᠦᠢᠯ ᠢ | ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ 4. ᠭᠠᠳᠠᠭᠰᠢ ᠬᠦᠷᠭᠡᠬᠦ ᠲᠥᠷᠥᠯ ᠵᠦᠢᠯ ᠢ ᠨᠢᠭᠡᠳᠦᠯᠲᠡᠶ ᠲᠥᠯᠥᠪᠯᠡᠨ | ᠰᠦᠪᠡᠭᠴᠢᠯᠡᠨ ᠠᠬᠢᠭᠤᠯᠤᠨ᠎ᠠ᠃ | ︵ᠭᠤᠷᠪᠠ︶ ᠪᠦᠬᠦ ᠠᠵᠤ ᠦᠢᠯᠡᠰ ᠤᠨ ᠬᠡᠯᠬᠢᠶ᠎ᠡ ᠶᠢ ᠳᠡᠭᠡᠭᠰᠢᠯᠡᠭᠦᠯᠦᠨ᠎ᠡ᠃ 1. ᠰᠠᠯᠬᠢᠨ ᠬᠦᠴᠦᠨ ᠤ | ᠴᠠᠬᠢᠯᠭᠠᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ 2. ᠭᠡᠷᠡᠯ ᠴᠠᠬᠢᠯᠭᠠᠨ ᠤ ᠠᠵᠤ | ᠦᠢᠯᠡᠰ ᠢ ᠣᠷᠣᠭᠤᠯᠤᠨ ᠠᠪᠴᠢᠷᠠᠨ᠎ᠠ᠃ 3. ᠡᠨᠧᠷᠭᠢ ᠬᠠᠳᠠᠭᠠᠯᠠᠬᠤ ᠠᠵᠤ ᠦᠢᠯᠡᠰ ᠢ ᠪᠦᠷᠢᠨ ᠭᠦᠢᠴᠡᠳ | ᠲᠡᠭᠦᠯᠳᠡᠷᠵᠢᠭᠦᠯᠦᠨ᠎ᠡ᠃ 4. ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠦᠨ᠎ᠡ᠃ | 5. ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠬᠢᠭᠡᠳ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠬᠠᠮᠵᠢᠯᠴᠠᠨ | ᠬᠥᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ | ︵ᠲᠦᠷᠪᠡ︶ ᠠᠵᠢᠯ ᠲᠥᠷᠥᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠃ 1. | ᠲᠥᠷᠥᠯ ᠵᠦᠢᠯ ᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ 2. ᠴᠠᠬᠢᠯᠭᠠᠨ | ᠬᠦᠴᠦᠨ ᠤ ᠰᠢᠰᠲ᠋ᠧᠮ ᠤᠨ ᠡᠨᠧᠷᠭᠢ ᠬᠠᠳᠠᠭᠠᠯᠠᠬᠤ ᠶᠢ ᠲᠣᠬᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ 3. | ᠰᠢᠨ᠎ᠡ ᠶᠢ ᠡᠭᠦᠳᠬᠦ ᠲᠤᠯᠭᠠᠭᠤᠷᠢᠯᠠᠯ ᠤᠨ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠷᠠᠭᠤᠯᠤᠨ᠎ᠠ᠃ | ︵ᠲᠠᠪᠤ︶ ᠦᠢᠯᠡᠴᠢᠯᠡᠭᠡᠨ ᠤ ᠪᠠᠲᠤᠯᠠᠭ᠎ᠠ ᠶᠢ ᠳᠡᠭᠡᠭᠰᠢᠯᠡᠭᠦᠯᠦᠨ᠎ᠡ᠃ 1. ᠲᠥᠷᠥᠯ ᠵᠦᠢᠯ ᠢ ᠬᠢᠨᠠᠨ | ᠵᠥᠪᠰᠢᠶᠡᠷᠡᠵᠦ ᠬᠢᠨᠠᠨ ᠬᠠᠮᠢᠶᠠᠷᠬᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ 2. ᠰᠢᠨ᠎ᠡ | ᠡᠨᠧᠷᠭᠢ ᠶᠢᠨ ᠲᠥᠷᠥᠯ ᠵᠦᠢᠯ ᠤᠨ ᠲᠣᠤᠷ ᠵᠠᠯᠭᠠᠬᠤ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ 3. ᠰᠢᠨ᠎ᠡ | ᠡᠨᠧᠷᠭᠢ ᠶᠢᠨ ᠬᠠᠮᠢᠶ᠎ᠠ ᠪᠦᠬᠦᠢ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠎ᠡ᠃ 4. | ᠰᠢᠨ᠎ᠡ ᠡᠨᠧᠷᠭᠢ ᠶᠢᠨ ᠬᠥᠭᠵᠢᠯᠲᠡ ᠶᠢᠨ ᠵᠦᠢ ᠵᠣᠬᠢᠰᠲᠠᠶ ᠣᠷᠣᠨ ᠵᠠᠶ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ | ᠭᠤᠷᠪᠠᠳᠤᠭᠠᠷ ᠬᠡᠰᠡᠭ᠄ ᠪᠠᠲᠤᠯᠠᠬᠤ ᠠᠷᠭ᠎ᠠ ᠬᠡᠮᠵᠢᠶ᠎ᠡ᠃ ᠨᠢᠭᠡᠳᠦᠯᠲᠡᠢ ᠲᠥᠯᠥᠪᠵᠢᠭᠦᠯᠬᠦ᠂ ᠪᠦᠬᠦᠯᠢ | ᠴᠣᠭᠴᠠ ᠪᠠᠷ ᠠᠬᠢᠭᠤᠯᠬᠤ᠂ ᠠᠯᠬᠤᠮ ᠬᠤᠪᠢᠶᠠᠨ ᠬᠡᠷᠡᠭᠵᠢᠭᠦᠯᠬᠦ ᠬᠥᠭᠵᠢᠯᠲᠡ ᠶᠢᠨ ᠵᠠᠷᠴᠢᠮ ᠢ ᠪᠠᠷᠢᠮᠲᠠᠯᠠᠵᠤ᠂ | ᠲᠥᠯᠥᠪᠵᠢᠭᠦᠯᠭᠡ ᠶᠢᠨ ᠰᠢᠨ᠎ᠡ ᠡᠨᠧᠷᠭᠢ ᠶᠢᠨ ᠬᠥᠭᠵᠢᠯᠲᠡ ᠶᠢ ᠬᠦᠳᠦᠯᠦᠨ ᠵᠢᠯᠣᠭᠤᠳᠬᠤ ᠪᠠ ᠬᠢᠵᠠᠭᠠᠷᠯᠠᠬᠤ ᠶᠢ | ᠴᠢᠩᠭᠠᠳᠬᠠᠵᠤ᠂ ᠲᠥᠯᠥᠪᠵᠢᠭᠦᠯᠭᠡ ᠪᠠᠷ ᠲᠦᠷᠦᠯ ᠵᠦᠢᠯ ᠢ ᠲᠣᠭᠲᠠᠭᠠᠵᠤ᠂ ᠲᠦᠷᠦᠯ ᠵᠦᠢᠯ ᠢᠶᠠᠷ ᠬᠥᠭᠵᠢᠯᠲᠡ ᠶᠢ | ᠠᠬᠢᠭᠤᠯᠤᠨ᠎ᠠ᠃ ᠡᠯ᠎ᠡ ᠬᠤᠯᠪᠣᠭᠳᠠᠯ ᠪᠦᠬᠦᠢ ᠨᠢᠭᠡᠴᠢ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ | ᠠᠵᠢᠯ ᠢᠶᠠᠨ ᠬᠤᠪᠢᠶᠠᠷᠢᠯᠠᠨ ᠬᠠᠮᠲᠤᠷᠠᠯᠴᠠᠵᠤ᠂ ᠬᠡᠷᠡᠭᠵᠢᠭᠦᠯᠬᠦ ᠶᠢ ᠠᠬᠢᠭᠤᠯᠬᠤ ᠠᠵᠢᠯ ᠤᠨ ᠨᠡᠶᠢᠯᠡᠮᠡᠯ ᠬᠦᠴᠦᠨ ᠢ | ᠪᠦᠷᠢᠯᠳᠦᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ | ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠤᠨ᠎ᠠ᠃ ᠬᠥᠭᠵᠢᠯᠲᠡ ᠶᠢᠨ ᠬᠠᠷᠠᠯᠲᠠ᠂ ᠭᠤᠣᠯᠳᠠᠯᠭ᠎ᠠ ᠲᠠᠢ ᠡᠭᠦᠷᠭᠡ | ᠪᠣᠯᠤᠨ ᠴᠢᠬᠤᠯᠠ ᠶᠡᠭᠡ ᠢᠨᠵᠧᠨᠧᠷᠢᠩ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠠᠩᠬᠠᠷᠴᠤ᠂ ᠲᠤᠪᠤᠶᠢᠮ᠎ᠠ | ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠥᠰᠦᠯ ᠤᠨ ᠤᠷᠤᠭᠰᠢᠲᠠᠢ | ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠢ᠃ ᠲᠥᠷᠥᠯ ᠵᠦᠢᠯ ᠢ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ | ᠳᠥᠭᠦᠮᠴᠢᠯᠡᠵᠦ᠂ ᠵᠢᠷᠤᠮᠵᠢᠭᠰᠠᠨ᠂ ᠲᠦᠷᠭᠡᠨ᠂ ᠥᠨᠳᠥᠷ ᠪᠦᠲᠦᠮᠵᠢᠲᠡᠶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠬᠡᠷᠡᠭ ᠡᠷᠬᠢᠯᠡᠬᠦ ᠳᠡᠰ ᠳᠠᠷᠠᠭᠠᠯᠠᠯ ᠢ ᠪᠠᠶᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ | ᠱᠠᠭᠠᠷᠳᠠᠯᠭ᠎ᠠ ᠳᠤ ᠣᠨᠣᠪᠴᠢᠲᠠᠶ ᠦᠢᠯᠡᠴᠢᠯᠡᠵᠦ᠂ ᠲᠥᠷᠥᠯ ᠵᠦᠢᠯ ᠢ ᠲᠥᠰᠦᠪᠯᠡᠬᠦ ᠡᠷᠴᠢᠮ ᠪᠠ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | | | | | |