ᠯᠢᠶᠠᠩᠴᠧᠩ ᠰᠢᠶᠠᠨ 10 ᠰᠠᠷ᠎ᠠ ᠳᠤ 44 ᠬᠥᠮᠦᠨ ᠳᠤ 8.56 ᠲᠦᠮᠡᠨ ᠲᠥᠭᠦᠷᠢᠭ ᠤᠨ ᠠᠵᠢᠯ ᠠᠯᠳᠠᠭᠰᠠᠨ ᠮᠥᠩᠭᠦ ᠲᠠᠷᠬᠠᠭᠠᠪᠠ
ᠨᠡᠶᠢᠲᠡᠯᠡᠭᠰᠡᠨ ᠴᠠᠭ᠄
2024/11/4
   ᠤᠢᠢᠷ᠎ᠠ ᠶᠢᠨ ᠵᠢᠯ᠂ ᠯᠢᠶᠠᠩᠴᠧᠩ ᠰᠢᠶᠠᠨ ᠤᠯᠤᠰ ᠤᠨ ᠡᠯ᠎ᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠲᠠᠬᠢᠨ ᠠᠵᠢᠯ ᠣᠯᠭᠤᠯᠲᠠ᠂ ᠠᠵᠢᠯ ᠠᠯᠳᠠᠯᠲᠠ ᠶᠢᠨ ᠳᠠᠭᠠᠳᠬᠠᠯ ᠵᠡᠷᠭᠡ ᠠᠵᠢᠯ ᠢ ᠶᠠᠪᠤᠭᠳᠠᠭᠤᠯᠵᠤ᠂ ᠠᠷᠠᠳ ᠤᠨ ᠠᠮᠢᠳᠤᠷᠠᠯ ᠳᠤ ᠨᠡᠶᠢᠳᠡᠮ ᠠᠰᠢᠭ ᠬᠦᠷᠲᠡᠭᠡᠵᠦ᠂ ᠠᠷᠠᠳ ᠤᠯᠠᠨ ᠤ ᠠᠮᠢᠳᠤᠷᠠᠯ ᠤᠨ ᠶᠠᠰᠤ ᠴᠢᠨᠠᠷ ᠪᠣᠯᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠠᠰᠤᠷᠠᠯᠲᠠ ᠦᠭᠡᠢ ᠳᠡᠭᠡᠭᠰᠢᠯᠡᠬᠦᠯᠪᠡ᠃ 10 ᠰᠠᠷ᠎ᠠ ᠳᠤ 44 ᠬᠥᠮᠦᠨ ᠳᠤ 8.56 ᠲᠦᠮᠡᠨ ᠲᠥᠭᠦᠷᠢᠭ ᠤᠨ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠤᠯᠭᠤᠵᠤ᠂ 19 ᠬᠥᠮᠦᠨ ᠳᠤ 1.35 ᠲᠦᠮᠡᠨ ᠲᠥᠭᠦᠷᠢᠭ ᠤᠨ ᠡᠮ ᠡᠮᠨᠡᠯᠭᠡ ᠶᠢᠨ ᠳᠠᠭᠠᠳᠬᠠᠯ ᠢ ᠣᠷᠣᠯᠠᠨ ᠲᠤᠰᠢᠶᠠᠪᠠ᠃    ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢ ᠲᠤᠭ᠎ᠠ ᠶᠤᠰᠤᠭᠠᠷ᠂ ᠴᠠᠭ ᠲᠤᠬᠠᠢ ᠳᠤ ᠨᠢ ᠲᠠᠷᠬᠠᠭᠠᠭᠰᠠᠨ  ᠨᠢ ᠬᠥᠳᠡᠯᠮᠦᠷᠢᠯᠡᠭᠴᠢ ᠶᠢᠨ ᠠᠵᠢᠯ ᠠᠯᠳᠠᠭᠰᠠᠨ ᠬᠤᠭᠤᠴᠠᠭᠠᠨ ᠳᠠᠬᠢ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠵᠤ᠂ ᠲᠡᠳᠡᠨ ᠤ ᠠᠮᠢᠳᠤᠷᠠᠯ ᠤᠨ ᠳᠤᠮᠳᠠᠬᠢ ᠵᠣᠪᠠᠨᠢᠯ ᠢ ᠨᠢ ᠰᠢᠢᠳᠪᠦᠷᠢᠯᠡᠵᠦ ᠥᠭᠪᠡ᠃    
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2