ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠯᠠᠭᠠᠨᠴᠠᠪ ᠬᠤᠲᠠ ᠶᠢᠨ ᠣᠨᠣᠯ ᠰᠤᠷᠤᠯᠴᠠᠬᠤ ᠬᠥᠩᠭᠡᠨ ᠮᠣᠷᠢᠲᠤ ᠴᠡᠷᠢᠭ ᠤᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠯᠠᠭᠠᠨᠴᠠᠪ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/11/7
    11 ᠰᠠᠷ᠎ᠠ ᠶᠢᠨ 5 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠯᠠᠭᠠᠨᠴᠠᠪ ᠬᠤᠲᠠ ᠶᠢᠨ ᠣᠨᠣᠯ ᠰᠤᠷᠤᠯᠴᠠᠬᠤ ᠬᠥᠩᠭᠡᠨ ᠮᠣᠷᠢᠲᠤ ᠴᠡᠷᠢᠭ ᠤᠨ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠯᠠᠭᠠᠨᠴᠠᠪ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠪᠠ᠃     ᠤᠬᠠᠭᠤᠯᠤᠨ ᠲᠠᠶᠢᠯᠪᠤᠷᠢᠯᠠᠬᠤ ᠳᠤᠮᠳᠠ᠂ ᠠᠳᠠᠯᠢ ᠪᠤᠰᠤ ᠬᠦᠷᠢᠶᠡᠨ ᠤ 5 ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ︽ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ︾᠂ ︽ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢᠶᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠵᠢᠷᠤᠭᠯᠠᠬᠤ︾᠂ ︽ᠤᠯᠤᠰ ᠤᠨ ᠠᠮᠤᠷ ᠲᠦᠪᠰᠢᠨ ᠤ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠢ ᠪᠦᠳᠦᠭᠡᠨ ᠪᠠᠶᠢᠭᠤᠯᠬᠤ︾ ᠵᠡᠷᠭᠡ ᠠᠭᠤᠯᠭ᠎ᠠ ᠶᠢᠨ ᠲᠣᠭᠤᠷᠢᠨ ᠳᠤ᠂ ᠡᠭᠡᠯ ᠪᠣᠷᠣᠭᠵᠢᠭᠤᠨ ᠦᠭᠡ ᠬᠡᠯᠡ᠂ ᠠᠮᠢᠳᠤᠯᠢᠭ ᠵᠢᠱᠢᠶ᠎ᠡ ᠪᠠᠷ ᠳᠠᠮᠵᠢᠭᠤᠯᠵᠤ᠂ ᠲᠤᠬᠠᠢ ᠶᠢᠨ ᠲᠠᠯᠠᠪᠠᠢ ᠳᠤ ᠰᠤᠷᠤᠭᠴᠢᠳ ᠤᠨ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠵᠤ᠂ ᠤᠯᠤᠰ ᠭᠡᠷ ᠤᠨ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠡᠭᠦᠷᠭᠡᠯᠡᠯ ᠪᠣᠯᠤᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤᠮᠳᠠ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃     ︽ᠥᠨᠥᠳᠦᠷ ᠤᠨ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠠᠳ ᠪᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠨᠢ ᠲᠥᠷᠥ ᠶᠢᠨ ᠪᠣᠳᠣᠯᠭ᠎ᠠ ᠶᠢᠨ ᠲᠤᠬᠠᠶ ᠣᠶᠢᠯᠠᠭᠠᠯᠲᠠ ᠪᠠ ᠡᠵᠡᠮᠰᠢᠬᠦ ᠳᠤ ᠪᠠᠶᠢᠬᠤ ᠪᠠᠷ ᠪᠠᠷᠠᠬᠤ ᠥᠬᠡᠶ ᠪᠠᠰᠠ ᠲᠣᠰ ᠪᠡᠶ᠎ᠡ ᠶᠢᠨ ᠬᠠᠷᠢᠭᠤᠴᠠᠯᠭ᠎ᠠ ᠪᠠᠨ ᠲᠠᠨᠢᠬᠤ ᠪᠠ ᠢᠷᠡᠭᠡᠳᠦᠶ ᠶᠢᠨ ᠬᠥᠭᠵᠢᠯᠲᠡ ᠶᠢᠨ ᠴᠢᠭᠯᠡᠯ ᠢᠶᠠᠨ ᠲᠣᠳᠣᠷᠬᠠᠶᠢᠯᠠᠬᠤ ᠳᠤ ᠣᠷᠣᠰᠢᠵᠤ ᠪᠠᠶᠢᠬᠤ ᠶᠢ ᠭᠦᠨᠵᠡᠭᠡᠶ ᠲᠠᠨᠢᠵᠤ ᠣᠯᠪᠠ᠃ ᠪᠢ ᠰᠤᠷᠤᠭᠰᠠᠨ ᠳᠠᠪᠠᠭᠤᠯᠢᠭ ᠢᠶᠠᠷ ᠢᠶᠠᠨ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠵᠦ᠂ ᠴᠠᠭ ᠦᠶ᠎ᠡ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠ ᠤᠯᠤᠰ ᠣᠷᠣᠨ ᠳᠤ ᠢᠯᠡᠭᠡᠭᠰᠡᠨ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ︾ ᠭᠡᠵᠦ ᠤᠯᠠᠭᠠᠨᠴᠠᠪ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠠᠰᠢᠨ  ᠴᠠᠬᠢᠯᠭᠠᠨ ᠤ ᠮᠡᠷᠭᠡᠵᠢᠯ ᠤᠨ ᠰᠠᠯᠪᠤᠷᠢ ᠶᠢᠨ ᠰᠤᠷᠤᠭᠴᠢ ᠵᠤᠤ ᠬᠤᠩ ᠢᠦᠢ ᠬᠡᠯᠡᠪᠡ᠃                                                 ᠣᠷᠴᠢᠭᠤᠯᠤᠭᠴᠢ᠄ ᠭᠤᠸ᠎ᠠ                                                 ᠬᠢᠨᠠᠭᠴᠢ᠄ ᠠᠷᠢᠭᠤᠨ  
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2