8 ᠰᠠᠷ᠎ᠠ ᠶᠢᠨ 23 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠲᠠ ᠶᠢᠨ ᠤᠬᠠᠭᠤᠯᠤᠨ ᠲᠠᠶᠢᠯᠪᠤᠷᠢᠯᠠᠬᠤ | ᠪᠦᠯᠬᠦᠮ ᠤᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠳᠤ ᠶᠠᠪᠤᠭᠳᠠᠪᠠ᠃ | ᠮᠡᠳᠡᠭᠦᠯᠦᠯᠲᠡ ᠶᠢᠨ ᠬᠤᠷᠠᠯ ᠳᠡᠭᠡᠷ᠎ᠡ᠂ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ | ᠪᠦᠷᠢᠯᠳᠦᠬᠦᠨ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠯᠢᠦ ᠰᠢᠶᠤᠤ ᠵᠢᠶᠦ᠋ᠨ ᠲᠤᠰ ᠤᠳᠠᠭ᠎ᠠ ᠶᠢᠨ ᠪᠦᠬᠦᠳᠡ ᠬᠤᠷᠠᠯ ᠪᠣᠯ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ ᠶᠢ | ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠵᠠᠩᠭᠢᠯᠠᠭ᠎ᠠ ᠶᠢᠨ | ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ︔ ᠶᠡᠷᠦᠩᠬᠡᠢ | ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠶ᠎ᠠ︔ ᠪᠦᠬᠦᠳᠡ ᠬᠤᠷᠠᠯ ᠤᠨ ︽ | ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠴᠢᠬᠤᠯᠠ ᠶᠡᠭᠡ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠤᠬᠠᠭᠤᠯᠤᠨ ᠲᠠᠶᠢᠯᠪᠤᠷᠢᠯᠠᠵᠠᠢ᠃ ᠭᠤᠣᠯ ᠰᠡᠳᠦᠪ ᠨᠢ | ᠢᠯᠡ ᠲᠣᠳᠣ ᠢᠯᠡᠳᠬᠡᠯ᠂ ᠣᠶᠢᠯᠠᠭᠠᠮᠵᠢᠲᠠᠶ ᠦᠭᠡ ᠬᠡᠯᠡ᠂ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠵᠦ᠂ | ᠬᠤᠷᠠᠯ ᠳᠤ ᠣᠷᠣᠯᠴᠠᠭᠰᠠᠳ ᠤᠨ ᠬᠤᠶᠢᠰᠢᠳᠠ ᠶᠢᠨ ᠠᠵᠢᠯ ᠳᠤ ᠴᠢᠭᠯᠡᠯ ᠢ ᠲᠣᠳᠣᠷᠬᠠᠶ ᠵᠢᠭᠠᠨ ᠥᠭᠴᠦ᠂ ᠬᠥᠳᠡᠯᠭᠡᠬᠦ | ᠬᠦᠴᠦᠨ ᠨᠡᠮᠡᠷᠢᠯᠡᠪᠡ᠃ | ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠳᠠᠷᠠᠭ᠎ᠠ᠂ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶᠠᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠶᠡᠬᠡᠳᠡ ᠵᠣᠷᠢᠭᠵᠢᠪᠠ᠃ | ᠤᠯᠠᠨ ᠢᠶᠠᠷ ᠢᠶᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠰᠠᠶᠢᠲᠤᠷ ᠰᠤᠷᠤᠯᠴᠠᠵᠤ ᠰᠠᠶᠢᠲᠤᠷ ᠤᠬᠠᠭᠤᠯᠵᠤ ᠰᠠᠶᠢᠲᠤᠷ ᠲᠤᠭᠤᠰᠢᠯᠠᠭᠤᠯᠬᠤ ᠶᠢ ᠣᠳᠣᠬᠠᠨ ᠤ ᠪᠠ | ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠮᠣᠩᠭᠤᠯ | ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠶᠠᠷ ᠶᠡᠭᠡ ᠶᠠᠪᠤᠳᠠᠯ ᠢ ᠰᠠᠶᠢᠲᠤᠷ | ᠬᠢᠬᠦ ᠳᠤ ᠲᠠᠰᠤᠷᠠᠯᠲᠠ ᠦᠭᠡᠢ ᠰᠢᠨ᠎ᠡ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |