ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/10
   12 ᠰᠠᠷ᠎ᠠ ᠶᠢᠨ 6 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠵᠧᠦ ᠺᠠᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠪᠦᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠢ ᠬᠤᠷᠰᠢᠶ᠎ᠠ ᠪᠠᠶᠢᠭᠤᠯᠤᠭᠳᠠᠭᠰᠠᠨ 70 ᠵᠢᠯ ᠤᠨ ᠤᠢ ᠶᠢᠨ ᠲᠠᠰᠢᠷᠠᠮ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠦᠩᠬᠡᠢ ᠰᠠᠶᠢᠳ ᠯᠢ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ᠂ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ᠂ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ 2024 ᠣᠨ ᠤ ᠲᠦᠷᠪᠡᠨ ᠤᠯᠠᠷᠢᠯ ᠤᠨ ᠲᠥᠪ ᠤᠨ ᠳᠠᠪᠬᠤᠷᠭ᠎ᠠ ᠶᠢᠨ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠬᠤ᠂ ᠦᠨᠳᠦᠰᠦᠨ ᠱᠠᠲᠤᠨ ᠤ ︽ᠵᠢᠵᠢᠭ ᠮᠣᠷᠢ ᠪᠠᠷ ᠲᠣᠮᠣ ᠲᠡᠷᠭᠡ ᠶᠢ ᠲᠠᠲᠠᠵᠤ︾ ᠪᠠᠶᠢᠭ᠎ᠠ ᠲᠤᠪᠤᠶᠢᠮ᠎ᠠ ᠠᠰᠠᠭᠤᠳᠠᠯ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠵᠤ᠂ ᠦᠨᠳᠦᠰᠦᠨ ᠱᠠᠳᠤ ᠶᠢ ᠭᠠᠴᠢᠭᠳᠠᠭᠤᠯᠵᠤ ᠪᠠᠶᠢᠭ᠎ᠠ ᠰᠤᠷᠲᠠᠯ ᠤᠨ ᠠᠷᠬᠠᠭ ᠭᠡᠮ ᠢ ᠴᠡᠭᠴᠡᠯᠡᠨ ᠵᠠᠰᠠᠬᠤ ᠳᠤ ᠨᠡᠩ ᠶᠡᠭᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠲᠤᠭᠤᠰᠢᠯᠠᠭᠤᠯᠬᠤ ᠠᠵᠢᠯ ᠤᠨ ᠭᠤᠣᠯ ᠰᠢᠵᠢᠮ ᠢ ᠰᠣᠨᠣᠰᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠡᠯ᠎ᠡ ᠲᠠᠯ᠎ᠠ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠪᠠ ᠰᠤᠷᠭᠠᠨ ᠬᠥᠮᠦᠵᠢᠯ ᠤᠨ ᠠᠵᠢᠯ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠠᠴᠠ ᠪᠠᠨ ᠥᠭᠡᠷᠡᠴᠢᠯᠡᠬᠦ᠂ ᠪᠠᠶᠢᠷᠢᠰᠢᠭᠤᠯᠤᠯᠲᠠ ᠪᠠᠨ ᠰᠠᠶᠢᠵᠢᠷᠠᠭᠤᠯᠬᠤ᠂ ᠰᠤᠷᠲᠠᠯ ᠢᠶᠠᠨ ᠰᠠᠶᠢᠵᠢᠷᠠᠭᠤᠯᠬᠤ ᠶᠢ ᠨᠢᠭᠡ ᠴᠤᠬᠴᠠᠵᠢᠭᠤᠯᠤᠨ ᠠᠬᠢᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠡᠷᠡᠰ ᠠᠬᠢᠭᠤᠯᠬᠤ ᠬᠡᠷᠡᠭᠲᠡᠢ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠬᠦ ᠬᠡᠷᠡᠭᠲᠡᠢ᠃ ᠡᠯ᠎ᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠭᠤᠣᠯ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                     ᠣᠷᠴᠢᠭᠤᠯᠤᠭᠴᠢ᠄ ᠭᠤᠸ᠎ᠠ                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2