ᠣᠯᠠᠨ ᠮᠤᠵᠢ ᠬᠤᠲᠠ ᠶᠢᠨ ᠲᠠᠮᠢᠷᠴᠢᠳ ᠯᠢᠶᠠᠩᠴᠧᠩ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠶ ᠳᠤ ᠪᠦᠬᠦ ᠤᠯᠤᠰ ᠤᠨ ᠬᠡᠭᠡᠷᠡᠯᠡᠨ ᠴᠠᠨᠠᠯᠠᠬᠤ ᠮᠠᠩᠯᠠᠶ ᠰᠢᠯᠭᠠᠷᠠᠭᠤᠯᠬᠤ ᠤᠷᠤᠯᠳᠤᠭᠠᠨ ᠳᠤ ᠣᠷᠣᠯᠴᠠᠬᠤ ᠪᠠᠷ ᠪᠡᠯᠡᠳᠬᠡᠵᠦ ᠪᠠᠶᠢᠨ᠎ᠠ
ᠨᠡᠶᠢᠲᠡᠯᠡᠭᠰᠡᠨ ᠴᠠᠭ᠄
2024/12/10
       12 ᠰᠠᠷ᠎ᠠ ᠶᠢᠨ ᠡᠬᠢ ᠪᠠᠷ᠂ ᠰᠧᠴᠤᠸᠠᠨ᠂ ᠭᠠᠨᠰᠦ᠂ ᠲᠢᠶᠠᠨᠵᠢᠨ ᠵᠡᠷᠭᠡ ᠮᠣᠵᠢ ᠬᠤᠲᠠ ᠶᠢᠨ 120 ᠭᠠᠷᠤᠢ ᠲᠠᠮᠢᠷᠴᠢᠨ ᠤᠯᠠᠭᠠᠨᠴᠠᠪ ᠬᠤᠲᠠ ᠶᠢᠨ ᠯᠢᠶᠠᠩᠴᠧᠩ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠳᠤ ᠱᠠᠯᠠᠪᠳᠠᠨ ᠪᠣᠯᠪᠠᠰᠤᠷᠠᠯ ᠬᠢᠵᠦ᠂ ᠤᠳᠠᠯ ᠦᠭᠡᠢ ᠴᠠᠩ ᠪᠠᠢ ᠱᠠᠨ ᠳᠤ ᠶᠠᠪᠤᠭᠳᠠᠬᠤ ᠭᠡᠵᠦ ᠪᠠᠢᠭ᠎ᠠ 2024 - 2025 ᠤᠷᠤᠯᠳᠤᠭᠠᠨ ᠤ ᠤᠯᠠᠷᠢᠯ ᠤᠨ ᠪᠦᠬᠦ ᠤᠯᠤᠰ ᠤᠨ ᠬᠡᠭᠡᠷᠡᠯᠡᠨ ᠴᠠᠨᠠᠯᠠᠬᠤ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠣᠷᠣᠯᠴᠠᠬᠤ ᠪᠠᠷ ᠪᠠᠶᠢᠨ᠎ᠠ᠃ ᠯᠢᠶᠠᠩᠴᠧᠩ ᠤᠨ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠪᠣᠯ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠬᠡᠪᠴᠢᠶ᠎ᠡ ᠪᠠᠷ ᠬᠠᠮᠤᠭ ᠤᠨ ᠶᠡᠭᠡ ᠴᠠᠰᠤᠨ ᠳᠤ ᠭᠤᠯᠭᠤᠬᠤ ᠲᠠᠯᠠᠪᠠᠢ ᠪᠣᠯᠤᠨ᠎ᠠ᠂ ᠥᠨᠳᠥᠷ᠂ ᠳᠤᠮᠳᠠ᠂ ᠠᠩᠬᠠᠨ ᠤ ᠴᠠᠰᠤᠨ ᠵᠠᠮ᠂ ᠤᠯᠠᠨ ᠤᠯᠤᠰ ᠤᠨ ᠪᠠᠷᠢᠮᠵᠢᠶᠠᠲᠤ ᠬᠡᠭᠡᠷᠡᠯᠡᠬᠦ ᠤᠷᠤᠯᠳᠤᠭᠠᠨ ᠤ ᠵᠠᠮ᠂ ᠲᠠᠩ ᠬᠠᠪᠲᠠᠰᠤᠨ ᠪᠠᠷᠢᠮᠵᠢᠶ᠎ᠠ ᠶᠢᠨ U ᠬᠡᠯᠪᠡᠷᠢ ᠶᠢᠨ ᠲᠠᠯᠠᠪᠠᠢ ᠶᠢᠨ ᠲᠤᠰᠬᠠᠢ ᠤᠷᠤᠯᠳᠤᠭᠠᠨ ᠤ ᠵᠠᠮ ᠵᠡᠷᠭᠡ 12 ᠵᠤᠷᠪᠤᠰ ᠲᠠᠢ ᠪᠠᠶᠢᠵᠤ᠂ ᠶᠡᠷᠦᠩᠬᠡᠢ ᠣᠷᠳᠣ ᠨᠢ 7.5Km ᠪᠣᠯᠤᠨ᠎ᠠ᠃ ᠣᠶᠢᠷ᠎ᠠ ᠶᠢᠨ ᠬᠤᠶᠠᠷ ᠵᠢᠯ ᠳᠤ ᠯᠢᠶᠠᠩᠴᠧᠩ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠶ ᠤᠷᠢᠳ ᠬᠤᠵᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠴᠠᠰᠤᠨ ᠳᠡᠭᠡᠷᠡᠬᠢ ᠤᠷᠤᠯᠳᠤᠭᠠᠨ ᠤ ᠲᠥᠷᠥᠯ ᠵᠦᠢᠯ᠂ ᠪᠥᠬᠦ ᠤᠯᠤᠰ ᠤᠨ ᠬᠤᠶᠠᠳᠤᠭᠠᠷ ᠬᠤᠭᠤᠴᠠᠭᠠᠨ ᠤ ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠥᠨᠳᠥᠷ ᠠᠭᠤᠯᠠ ᠶᠢᠨ ᠴᠡᠨᠡᠯᠡᠯᠲᠡ ᠶᠢᠨ ᠤᠷᠤᠯᠳᠤᠭᠠᠨ᠂ 2020 - 2021 ᠣᠨ ᠤ ᠤᠷᠤᠯᠳᠤᠭᠠᠨ ᠤ ᠤᠯᠠᠷᠢᠯ ᠤᠨ ᠪᠥᠬᠦ ᠤᠯᠤᠰ ᠤᠨ ᠡᠪᠦᠯ ᠤᠨ ᠤᠯᠠᠷᠢᠯ ᠤᠨ ᠬᠤᠶᠠᠷ ᠵᠦᠢᠯ ᠤᠨ ᠲᠡᠷᠢᠭᠦᠨ ᠤ ᠤᠷᠤᠯᠳᠤᠭᠠᠨ ᠵᠡᠷᠭᠡ ᠣᠯᠠᠨ ᠵᠦᠢᠯ ᠤᠨ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠲᠣᠮᠣ ᠬᠡᠯᠪᠡᠷᠢ ᠶᠢᠨ ᠮᠥᠰᠥ ᠴᠠᠰᠤᠨ ᠤ ᠤᠷᠤᠯᠳᠤᠭᠠᠨ ᠵᠡᠷᠭᠡ ᠶᠢ ᠳᠠᠭᠠᠭᠠᠴᠢᠯᠠᠨ ᠡᠷᠭᠢᠯᠡᠭᠰᠡᠨ ᠪᠥᠭᠡᠳ ᠪᠥᠬᠦ ᠤᠯᠤᠰ ᠤᠨ ᠣᠯᠠᠨ ᠮᠤᠵᠢ ᠬᠤᠲᠠ ᠶᠢᠨ ᠴᠠᠰᠤᠨ ᠳᠤ ᠭᠤᠯᠭᠤᠬᠤ ᠠᠩᠭᠢ ᠶᠢᠨ ᠪᠣᠯᠪᠠᠰᠤᠷᠠᠯ ᠤᠨ ᠲᠠᠯᠠᠪᠤᠷ ᠪᠣᠯᠤᠭᠰᠠᠨ ᠪᠠᠶᠢᠨ᠎ᠠ᠃                                  ᠤᠷᠴᠢᠭᠤᠯᠤᠭᠴᠢ᠄ ᠬᠦᠰᠡᠯ                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2