| | | ᠰᠢᠨᠬᠤᠸᠠ ᠬᠤᠷᠢᠶᠠᠨ ᠤ ᠪᠡᠭᠡᠵᠢᠩ ᠤᠨ 12 ᠳ᠋ᠤᠭᠠᠷ ᠰᠠᠷ᠎ᠠ ᠶᠢᠨ 6 ᠤ ᠡᠳᠦᠷ ᠤᠨ ᠴᠠᠬᠢᠯᠭᠠᠨ ᠮᠡᠳᠡᠭᠡ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 12 ᠳ᠋ᠤᠭᠠᠷ ᠰᠠᠷ᠎ᠠ ᠶᠢᠨ 6 ᠤ ᠡᠳᠦᠷ | ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠶᠡᠷᠦᠩᠬᠡᠢ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ | ᠬᠤᠯᠪᠣᠭᠳᠠᠯ ᠪᠥᠬᠦᠶ ᠠᠵᠢᠯ ᠤᠳ ᠢ ᠰᠤᠳᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠷᠠᠳ ᠤᠨ ᠠᠭᠠᠷ ᠠᠶᠠᠯᠠᠯ ᠤᠨ ᠬᠠᠤᠯᠢ ︵ᠵᠠᠰᠠᠪᠤᠷᠢ ᠣᠷᠣᠭᠤᠯᠤᠭᠰᠠᠨ ᠡᠬᠡ ᠲᠥᠰᠦᠯ︶︾ ᠶᠢ ᠶᠠᠷᠢᠯᠴᠠᠪᠠ᠃ | ᠬᠤᠷᠠᠯᠳᠤᠭᠠᠨ ᠳᠤ ᠵᠢᠭᠠᠵᠤ ᠭᠠᠷᠭᠠᠭᠰᠠᠨ ᠢᠶᠠᠷ᠂ ᠲᠣᠰ ᠤᠳᠠᠭ᠎ᠠ ᠶᠢᠨ ᠶᠡᠷᠦᠩᠬᠡᠢ ᠰᠢᠮᠳᠠᠭᠤᠯᠤᠨ | ᠪᠠᠶᠢᠴᠠᠭᠠᠬᠤ ᠳᠤ ᠪᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠥᠭᠡᠷᠡᠴᠢᠯᠡᠯᠲᠡ ᠬᠥᠭᠵᠢᠯᠲᠡ ᠳᠠᠬᠢ ᠨᠢᠭᠡ ᠪᠦᠯᠦᠭ ᠬᠦᠴᠢᠷᠳᠡᠯ ᠲᠦᠭᠵᠢᠷᠡᠯ᠂ ᠠᠵᠤ ᠠᠬᠤᠶᠢᠯᠠᠯ ᠤᠯᠠᠨ ᠲᠦᠮᠡᠨ ᠤ | ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠠᠰᠠᠭᠤᠳᠠᠯ ᠢ ᠢᠯᠡᠷᠡᠭᠦᠯᠦᠭᠰᠡᠨ ᠤ ᠬᠠᠮᠲᠤ ᠰᠢᠢᠳᠪᠦᠷᠢᠯᠡᠬᠦ ᠶᠢ | ᠠᠬᠢᠭᠤᠯᠵᠤ᠂ ᠦᠷ᠎ᠡ ᠪᠦᠲᠦᠮᠵᠢ ᠲᠠᠢ ᠪᠣᠯᠬᠤᠷ ᠨᠤᠲᠠᠯᠠᠭᠤᠰᠢᠲᠠᠢ ᠪᠠᠶᠢᠨ᠎ᠠ᠃ ᠰᠢᠮᠳᠠᠭᠤᠯᠤᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠪᠠᠷ ᠲᠣᠬᠢᠶᠠᠯ ᠪᠣᠯᠭᠠᠵᠤ᠂ ᠠᠰᠠᠭᠤᠳᠠᠯ ᠤᠨ ᠨᠠᠷᠢᠨ ᠲᠠᠩᠰᠠ ᠶᠢ ᠬᠠᠷᠢᠭᠤᠴᠠᠯᠭ᠎ᠠ ᠶᠢᠨ | ᠨᠠᠷᠢᠨ ᠲᠠᠩᠰᠠ ᠪᠣᠯᠭᠠᠵᠤ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠠᠵᠢᠯ ᠢᠶᠠᠨ ᠰᠠᠶᠢᠵᠢᠷᠠᠭᠤᠯᠬᠤ ᠬᠦᠴᠦᠯᠡᠬᠦ | ᠴᠡᠭ ᠪᠣᠯᠭᠠᠵᠤ᠂ ᠰᠢᠮᠳᠠᠭᠤᠯᠤᠨ ᠪᠠᠶᠢᠴᠠᠭᠠᠭᠠᠳ ᠢᠯᠡᠷᠡᠭᠦᠯᠦᠭᠰᠡᠨ ᠨᠡᠶᠢᠲᠡᠴᠢ ᠴᠢᠨᠠᠷᠲᠠᠢ ᠠᠰᠠᠭᠤᠳᠠᠯ ᠢ ᠭᠦᠨᠵᠡᠭᠡᠢ | ᠰᠤᠳᠤᠯᠵᠤ᠂ ᠨᠢᠭᠡ ᠠᠴᠠ ᠨᠦᠬᠦᠭᠡ ᠶᠢ ᠵᠦᠢᠴᠢᠯᠡᠵᠦ ᠪᠠᠶᠢᠭᠠᠳ ᠴᠡᠭᠴᠡᠯᠡᠨ ᠰᠠᠶᠢᠵᠢᠷᠠᠭᠤᠯᠵᠤ᠂ ᠴᠡᠭ ᠢᠶᠠᠷ | ᠨᠡᠶᠢᠳᠡᠮ ᠢ ᠲᠠᠶᠢᠴᠢᠯᠠᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠠᠵᠢᠯ ᠢ | ᠠᠯᠢ ᠴᠢᠳᠠᠬᠤ ᠪᠠᠷ ᠤᠷᠤᠭᠰᠢ ᠠᠬᠢᠭᠤᠯᠤᠨ᠂ ᠡᠨᠡ ᠵᠢᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ | ᠳᠠᠭᠤᠰᠬᠠᠬᠤ ᠠᠵᠢᠯ ᠢ ᠳᠠᠷᠠᠭ᠎ᠠ ᠵᠢᠯ ᠪᠣᠯᠲᠠᠯ᠎ᠠ ᠰᠤᠨᠵᠢᠷᠠᠭᠤᠯᠤᠨ ᠬᠤᠶᠢᠰᠢᠯᠠᠭᠤᠯᠵᠤ ᠪᠣᠯᠬᠤ ᠦᠭᠡᠢ᠂ ᠦᠷᠭᠦᠯᠵᠢᠯᠡᠨ | ᠠᠬᠢᠭᠤᠯᠬᠤ ᠴᠢᠬᠤᠯᠠᠲᠠᠢ ᠳᠤ ᠨᠢ ᠱᠠᠲᠤ ᠦᠶ᠎ᠡ ᠶᠢᠨ ᠬᠠᠷᠠᠯᠲᠠ ᠶᠢ ᠨᠢ ᠲᠣᠳᠣᠷᠬᠠᠢ ᠲᠣᠭᠲᠠᠭᠠᠨ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠣᠳᠣᠬᠠᠨ ᠤ ᠠᠵᠢᠯ ᠢᠶᠠᠨ ᠰᠠᠶᠢᠲᠤᠷ ᠬᠢᠬᠦ ᠯᠦᠭᠡ ᠨᠢᠭᠲᠠ ᠤᠶᠠᠯᠳᠤᠭᠤᠯᠵᠤ᠂ ᠪᠦᠬᠦ | ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠨᠡᠩ ᠰᠠᠶᠢᠨ | ᠬᠦᠴᠦᠨ ᠨᠡᠮᠡᠷᠢᠯᠡᠬᠦ ᠬᠡᠷᠡᠭᠲᠡᠢ᠃ ᠠᠵᠢᠯ ᠶᠠᠪᠤᠳᠠᠯ ᠳᠠᠬᠢ ᠶᠡᠷᠦᠩᠬᠡᠢ ᠰᠢᠮᠳᠠᠭᠤᠯᠤᠨ ᠪᠠᠶᠢᠴᠠᠭᠠᠯᠲᠠ ᠶᠢᠨ ᠠᠬᠢᠭᠤᠯᠬᠤ | ᠦᠢᠯᠡᠳᠦᠯ ᠢ ᠪᠠᠳᠠᠷᠠᠭᠤᠯᠵᠤ᠂ ᠠᠵᠢᠯ ᠤᠨ ᠦᠷ᠎ᠡ ᠪᠦᠲᠦᠮᠵᠢ ᠨᠢ ᠰᠠᠶᠢᠨ ᠪᠣᠯ ᠬᠥᠬᠢᠭᠦᠯᠦᠨ ᠵᠣᠷᠢᠭᠵᠢᠭᠤᠯᠬᠤ ᠪᠠᠨ | ᠴᠢᠩᠭᠠᠳᠬᠠᠵᠤ᠂ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠪᠣᠢ ᠪᠣᠯᠭᠠᠨ᠂ ᠰᠠᠶᠢᠨ ᠲᠤᠷᠰᠢᠯᠭ᠎ᠠ ᠠᠷᠭ᠎ᠠ ᠬᠢᠳᠡᠯ ᠢ | ᠳᠡᠯᠭᠡᠷᠡᠭᠦᠯᠦᠨ ᠬᠡᠷᠡᠭᠵᠢᠭᠦᠯᠵᠦ᠂ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠢ ᠨᠡᠩ ᠰᠠᠶᠢᠲᠤᠷ ᠤᠷᠮᠠᠰᠢᠭᠤᠯᠤᠨ | ᠬᠥᠭᠵᠢᠭᠡᠬᠦ ᠬᠡᠷᠡᠭᠲᠡᠢ᠃ | ᠬᠤᠷᠠᠯᠳᠤᠭᠠᠨ ᠳᠤ ᠵᠢᠭᠠᠵᠤ ᠭᠠᠷᠭᠠᠭᠰᠠᠨ ᠢᠶᠠᠷ᠂ ᠤᠶᠢᠢᠷ᠎ᠠ ᠶᠢᠨ ᠵᠢᠯ ᠤᠳ ᠲᠤ᠂ ᠬᠠᠳᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠤᠰᠤᠨ ᠤ ᠠᠮᠤᠷ | ᠲᠦᠪᠰᠢᠨ ᠢ ᠪᠠᠲᠤᠯᠠᠬᠤ ᠴᠢᠳᠠᠪᠤᠷᠢ ᠦᠷᠭᠦᠯᠵᠢᠯᠡᠨ ᠴᠢᠩᠭᠠᠷᠠᠪᠠ᠃ ᠶᠡᠷᠦᠩᠬᠡᠶ ᠱᠦᠵᠢ ᠰᠢ ᠶᠢᠨ ᠫᠢᠩ ᠡᠷᠬᠢᠯᠡᠨ | ᠬᠤᠷᠠᠯᠳᠤᠭᠤᠯᠤᠭᠰᠠᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ | ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠲᠤᠬᠠᠢ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠠᠮᠠᠭᠠᠯᠠᠯᠲᠠ ᠶᠢ ᠭᠤᠣᠯᠴᠢᠯᠠᠨ᠂ ᠵᠠᠰᠠᠯᠲᠠ ᠶᠢ ᠴᠢᠬᠤᠯᠠᠴᠢᠯᠠᠬᠤ | ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠰᠤ ᠬᠢᠭᠡᠳ ᠬᠥᠮᠦᠨ ᠠᠮᠠ᠂ ᠠᠮᠤ ᠪᠤᠳᠠᠭ᠎ᠠ᠂ | ᠡᠨᠧᠷᠭᠢ ᠶᠢᠨ ᠬᠠᠷᠢᠴᠠᠭ᠎ᠠ ᠶᠢ ᠭᠤᠤᠯᠳᠠᠯᠭ᠎ᠠ ᠲᠠᠢ ᠰᠠᠶᠢᠲᠤᠷ ᠰᠢᠢᠳᠪᠦᠷᠢᠯᠡᠵᠦ᠂ ᠬᠠᠲᠤᠨ ᠭᠤᠤᠯ ᠤᠨ ᠰᠠᠪᠠ | ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ᠣᠷᠴᠢᠨ ᠲᠣᠭᠤᠷᠢᠨ ᠤ | ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠂ ᠬᠥᠭᠵᠢᠯᠲᠡ ᠶᠢᠨ ᠠᠷᠭ᠎ᠠ ᠬᠡᠯᠪᠡᠷᠢ ᠶᠢᠨ ᠪᠥᠬᠦ ᠲᠠᠯ᠎ᠠ ᠪᠠᠷ | ᠪᠣᠬᠢᠷᠲᠤᠯ ᠥᠬᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠨᠢ ᠠᠬᠢᠭᠤᠯᠵᠤ᠂ ᠬᠠᠲᠤᠨ ᠭᠤᠤᠯ ᠤᠨ ᠠᠮᠤᠭᠤᠯᠠᠩ | ᠳᠥᠯᠭᠡᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠲᠣᠭᠲᠠᠭᠤᠨ ᠢᠶᠠᠷ ᠨᠡᠮᠡᠭᠳᠡᠭᠦᠯᠵᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ | ᠴᠢᠨᠠᠷ ᠰᠠᠶᠢᠲᠠᠶ ᠬᠥᠭᠵᠢᠯᠲᠡ ᠶᠢᠨ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃ | ᠬᠤᠷᠠᠯᠳᠤᠭᠠᠨ ᠢᠶᠠᠷ ︽ᠪᠦᠭᠦᠲᠠ ᠨᠠᠶᠢᠷᠠᠮᠲᠠᠬᠤ ᠳᠣᠮᠲᠠᠲᠤ ᠠᠷᠠᠣᠠ ᠤᠯᠤᠰ ᠤᠨ ᠠᠷᠠᠣᠠ ᠤᠨ ᠠᠭᠠᠷ | ᠠᠶᠠᠯᠠᠯ ᠤᠨ ᠬᠠᠣᠯᠢ ︵ᠵᠠᠰᠠᠪᠤᠷᠢ ᠣᠷᠣᠭᠤᠯᠤᠭᠰᠠᠨ ᠡᠬᠡ ᠳᠦᠰᠣᠯ︶︾ ᠶᠢ ᠶᠠᠷᠢᠯᠴᠠᠬᠰᠠᠨ ᠪᠥᠭᠡᠳ ᠵᠠᠷᠴᠢᠮ ᠤᠨ | ᠲᠠᠯ᠎ᠠ ᠪᠠᠷ ᠪᠠᠲᠣᠯᠠᠵᠤ᠂ ᠡᠬᠡ ᠳᠦᠰᠣᠯ ᠢ ᠪᠦᠭᠦ ᠤᠯᠤᠰ ᠤᠨ ᠠᠷᠠᠣᠠ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠳᠤ ᠲᠠᠪᠰᠢᠭᠦᠯᠵᠤ ᠬᠢᠨᠠᠨ ᠶᠠᠷᠢᠯᠴᠠᠭᠤᠯᠬᠤ ᠪᠠᠷ ᠳᠣᠬᠲᠠᠪᠠ᠃ ᠬᠤᠷᠠᠯᠳᠤᠭᠠᠨ ᠳᠤ ᠵᠢᠭᠠᠵᠤ | ᠭᠠᠷᠭᠠᠭᠰᠠᠨ ᠢᠶᠠᠷ᠂ ᠠᠮᠤᠷ ᠲᠦᠪᠰᠢᠨ ᠢ ᠨᠢᠭᠡᠳᠦᠭᠡᠷ ᠲᠤ ᠲᠠᠯᠪᠢᠬᠤ ᠶᠢ ᠪᠠᠷᠢᠮᠲᠠᠯᠠᠵᠤ᠂ ᠬᠥᠭᠵᠢᠯᠲᠡ ᠪᠣᠯᠤᠨ ᠠᠮᠤᠷ | ᠲᠦᠪᠰᠢᠨ ᠢ ᠨᠢᠭᠡᠳᠦᠯᠲᠡᠢ ᠲᠥᠯᠥᠪᠯᠡᠵᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠡᠭᠡᠭᠡᠪᠦᠷᠢ | ᠦᠢᠯᠡᠳᠪᠦᠷᠢᠯᠡᠯ ᠤᠨ ᠬᠡᠪᠴᠢᠶ᠎ᠡ ᠬᠢᠭᠡᠳ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠬᠠᠷᠢᠯᠴᠠᠨ | ᠵᠣᠬᠢᠴᠠᠯᠳᠤᠭᠤᠯᠬᠤ ᠶᠢ ᠪᠠᠲᠤᠯᠠᠬᠤ ᠬᠡᠷᠡᠭᠲᠡᠢ᠃ ᠠᠷᠠᠳ ᠤᠨ ᠠᠭᠠᠷ ᠠᠶᠠᠯᠠᠯ ᠤᠨ ᠦᠢᠯᠡᠴᠢᠯᠡᠭᠡᠨ ᠤ ᠴᠢᠨᠠᠷ | ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠳᠠᠬᠢ ᠵᠠᠬ᠎ᠠ ᠳᠡᠯᠭᠡᠭᠦᠷ ᠤᠨ ᠳᠠᠯᠳᠠ | ᠬᠦᠴᠦᠨ ᠢ ᠠᠭᠤᠳᠠᠯᠵᠤ᠂ ᠬᠠᠮᠢᠶ᠎ᠠ ᠪᠥᠬᠦᠶ ᠴᠢᠬᠤᠯᠠ ᠶᠡᠭᠡ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠰᠠᠶᠢᠲᠤᠷ | ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠂ ᠠᠷᠠᠳ ᠤᠨ | ᠠᠭᠠᠷ ᠠᠶᠠᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠨᠡᠭᠡᠭᠡᠯᠲᠡ ᠬᠢᠵᠦ ᠬᠠᠮᠲᠤᠷᠠᠯᠴᠠᠬᠤ ᠶᠢ | ᠪᠠᠷᠢᠮᠲᠠᠯᠠᠨ᠂ ᠪᠦᠬᠦ ᠪᠥᠮᠪᠥᠷᠴᠡᠭ ᠤᠨ ᠠᠭᠠᠷ ᠠᠶᠠᠯᠠᠯ ᠤᠨ ᠱᠤᠭᠤᠮ ᠤᠨ ᠲᠣᠣᠷ ᠰᠦᠯᠵᠢᠶᠡᠨ ᠤ | ᠪᠠᠶᠢᠷᠢᠯᠠᠭᠤᠯᠤᠯᠲᠠ ᠶᠢ ᠲᠠᠰᠤᠷᠠᠯᠲᠠ ᠤᠶᠢᠭᠡᠢ ᠰᠢᠯᠢᠳᠡᠭᠵᠢᠭᠦᠯᠵᠦ᠂ ᠣᠯᠠᠨ ᠤᠯᠤᠰ ᠤᠨ ᠠᠵᠤ ᠠᠬᠤᠶ ᠠᠷᠠᠯᠵᠢᠶᠠᠨ ᠤ | ᠶᠠᠪᠤᠯᠴᠠᠭ᠎ᠠ ᠪᠣᠯᠤᠨ ᠬᠥᠮᠦᠨ ᠰᠣᠶᠣᠯ ᠤᠨ ᠰᠣᠯᠢᠯᠴᠠᠭ᠎ᠠ ᠶᠢ ᠠᠬᠢᠭᠤᠯᠤᠨ᠎ᠠ᠃ | ᠬᠤᠷᠠᠯᠳᠤᠭᠠᠨ ᠳᠤ ᠪᠠᠰᠠ ᠪᠤᠰᠤᠳ ᠵᠦᠢᠯᠡᠰ ᠢ ᠰᠤᠳᠤᠯᠵᠠᠢ᠃ | |