| | ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 12 ᠤᠨ ᠴᠠᠭᠢᠯᠭᠠᠨ ᠮᠡᠳᠡᠭᠡ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ 12 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ | ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ | ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ | ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠬᠤᠷᠠᠯ ᠳᠤ ᠣᠷᠣᠯᠴᠠᠵᠠᠢ᠃ | | 12 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ | ᠪᠡᠭᠡᠵᠢᠩ ᠳᠤ ᠬᠤᠷᠠᠯᠳᠤᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ | ᠫᠢᠩ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠰᠢ ᠶᠢᠨ ᠫᠢᠩ ᠴᠢᠬᠤᠯᠠ ᠶᠠᠷᠢᠶᠠᠨ ᠳᠠᠭᠠᠨ 2024 ᠣᠨ ᠤ ᠠᠵᠤ ᠠᠬᠤᠢ ᠶᠢᠨ ᠠᠵᠢᠯ ᠢ ᠳ᠋ᠦᠩᠨᠡᠵᠦ᠂ | ᠣᠳᠣᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ᠂ 2025 ᠣᠨ ᠤ ᠠᠵᠤ ᠠᠬᠤᠢ ᠶᠢᠨ ᠠᠵᠢᠯ ᠢ | ᠪᠠᠶᠢᠷᠢᠯᠠᠭᠤᠯᠪᠠ᠃ ᠯᠢ ᠴᠢᠶᠠᠩ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠷᠡᠬᠦ ᠵᠢᠯ ᠤᠨ ᠠᠵᠤ | ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃ | ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠭᠠᠳᠠᠭᠠᠳᠤ ᠳᠠᠷᠤᠯᠲᠠ ᠨᠡᠮᠡᠭᠳᠡᠵᠦ᠂ | ᠳᠣᠲᠣᠭᠠᠳᠤ ᠶᠢᠨ ᠬᠦᠴᠢᠷᠳᠡᠯ ᠨᠡᠮᠡᠭᠳᠡᠵᠦ ᠪᠠᠶᠢᠭ᠎ᠠ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ | ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠯᠠᠪᠳᠠᠭᠤᠨ ᠲᠣᠭᠲᠠᠭᠤᠨ ᠢᠶᠠᠷ | ᠬᠤᠪᠢᠷᠠᠯᠲᠠ ᠶᠢ ᠠᠷᠭᠠᠴᠠᠭᠠᠵᠤ᠂ ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠠᠬᠤᠢ ᠶᠢᠨ ᠡᠷᠭᠢᠯᠲᠡ | ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠵᠤ᠂ ᠴᠢᠨᠠᠷ ᠰᠠᠶᠢᠲᠠᠢ | ᠬᠥᠭᠵᠢᠯᠲᠡ ᠯᠠᠪᠳᠠᠭᠤᠨ ᠪᠠᠲᠤᠲᠠᠢ ᠠᠬᠢᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ | ᠡᠭᠦᠷᠭᠡ ᠤᠷᠤᠭᠰᠢᠲᠠᠢ ᠪᠡᠶᠡᠯᠡᠭᠳᠡᠬᠦ ᠪᠣᠯᠣᠯ᠎ᠠ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ | ᠲᠣᠭᠲᠠᠭᠤᠨ ᠢᠶᠠᠷ ᠬᠥᠭᠵᠢᠵᠦ᠂ ᠥᠭᠡᠷᠡᠴᠢᠯᠡᠯᠲᠡ ᠨᠡᠭᠡᠭᠡᠯᠲᠡ ᠦᠷᠭᠦᠯᠵᠢᠯᠡᠨ ᠭᠦᠨᠵᠡᠭᠡᠶᠢᠷᠡᠵᠦ᠂ ᠭᠤᠣᠯᠳᠠᠯᠭ᠎ᠠ ᠲᠠᠢ | ᠬᠦᠷᠢᠶᠡᠨ ᠳᠠᠬᠢ ᠠᠶᠤᠯ ᠲᠦᠭᠰᠢᠭᠦᠷᠢ ᠶᠢ ᠠᠷᠢᠯᠭᠠᠬᠤ ᠠᠵᠢᠯ ᠡᠮᠬᠢ ᠵᠢᠷᠤᠮ ᠲᠠᠢ ᠪᠦᠲᠦᠮᠵᠢᠲᠡᠶ ᠶᠠᠪᠤᠭᠳᠠᠵᠤ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠥᠭᠡᠳ ᠬᠦᠴᠦᠲᠡᠢ ᠪᠣᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠯᠠᠪᠳᠠᠭᠤᠨ ᠪᠠᠲᠤᠲᠠᠢ ᠰᠢᠨ᠎ᠡ ᠠᠯᠬᠤᠮ ᠢ ᠠᠯᠬᠤᠪᠠ᠃ ᠨᠢᠭᠡ ᠵᠢᠯ ᠤᠨ ᠲᠤᠷᠰᠢᠬᠢ | ᠬᠥᠭᠵᠢᠯᠲᠡ ᠶᠢᠨ ᠶᠠᠪᠤᠴᠠ ᠶᠡᠷᠦ ᠪᠤᠰᠤ ᠶᠢᠨ ᠪᠠᠶᠢᠵᠤ᠂ ᠠᠮᠵᠢᠯᠲᠠ ᠪᠦᠲᠦᠮᠵᠢ ᠬᠥᠮᠥᠰ ᠢ ᠵᠣᠷᠢᠭᠵᠢᠭᠤᠯᠤᠭᠰᠠᠨ | ᠪᠠᠶᠢᠨ᠎ᠠ᠂ ᠢᠯᠠᠩᠭᠤᠶ᠎ᠠ 9 ᠰᠠᠷ᠎ᠠ ᠶᠢᠨ 26 ᠤ ᠡᠳᠦᠷ ᠤᠨ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠠᠴᠠ ᠡᠷᠡᠰ ᠰᠢᠭᠤᠷᠬᠠᠢ ᠪᠠᠷ ᠠᠯᠢ ᠤᠯᠠᠨ | ᠨᠡᠮᠡᠭᠳᠡᠯ ᠤᠨ ᠲᠦᠷᠦ ᠶᠢᠨ ᠪᠣᠳᠣᠯᠭ᠎ᠠ ᠶᠢ ᠪᠠᠶᠢᠷᠢᠯᠠᠭᠤᠯᠵᠤ᠂ ᠨᠡᠶᠢᠭᠡᠮ ᠤᠨ ᠢᠲᠡᠭᠡᠯ ᠵᠣᠷᠢᠭ ᠢ ᠪᠦᠲᠦᠮᠵᠢᠲᠡᠢ | ᠬᠥᠭᠵᠢᠭᠡᠵᠦ᠂ ᠠᠵᠤ ᠠᠬᠤᠢ ᠢᠯᠡᠳᠲᠡ ᠳᠡᠭᠡᠭᠰᠢᠯᠡᠪᠡ ᠭᠡᠵᠦ ᠦᠵᠡᠵᠡᠢ᠃ | ᠬᠤᠷᠠᠯ ᠠᠴᠠ᠂ ᠣᠳᠣᠬᠠᠨ ᠤ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠠᠴᠠ ᠪᠣᠯᠤᠭᠰᠠᠨ ᠠᠰᠢᠭ | ᠦᠭᠡᠢ ᠨᠥᠯᠥᠭᠡ ᠭᠦᠨᠵᠡᠭᠡᠶᠢᠷᠡᠵᠦ᠂ ᠮᠠᠨ ᠤ ᠤᠯᠤᠰ ᠤᠨ ᠠᠵᠤ ᠠᠬᠤᠢ ᠶᠢᠨ ᠡᠷᠭᠢᠯᠲᠡ ᠳᠤ ᠮᠥᠨ ᠬᠦ ᠴᠥᠭᠡᠨ | ᠪᠤᠰᠤ ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ ᠪᠠᠶᠢᠨ᠎ᠠ᠂ ᠭᠤᠣᠯᠳᠠᠭᠤ ᠤᠯᠤᠰ ᠤᠨ ᠳᠣᠲᠣᠭᠠᠳᠤ ᠶᠢᠨ | ᠬᠡᠷᠡᠭᠴᠡᠭᠡ ᠬᠦᠷᠦᠯᠴᠡᠬᠦ ᠦᠭᠡᠢ᠂ ᠬᠡᠰᠡᠭ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯᠲᠡᠢ᠂ | ᠤᠯᠠᠨ ᠲᠦᠮᠡᠨ ᠤ ᠠᠵᠢᠯ ᠣᠯᠭᠤᠯᠲᠠ ᠣᠷᠣᠯᠭ᠎ᠠ ᠶᠢᠨ ᠨᠡᠮᠡᠭᠳᠡᠯ ᠳᠠᠷᠤᠯᠲᠠ ᠳᠤ ᠲᠤᠯᠭᠠᠷᠠᠵᠤ᠂ ᠠᠶᠤᠯ ᠲᠦᠭᠰᠢᠭᠦᠷᠢ | ᠭᠡᠮ ᠰᠣᠭᠤᠭ ᠮᠥᠨ ᠬᠦ ᠨᠡᠯᠢᠶᠡᠳ ᠤᠯᠠᠨ ᠪᠠᠶᠢᠨ᠎ᠠ᠃ ᠡᠭᠦᠨ ᠤ ᠬᠠᠮᠲᠤ᠂ ᠮᠠᠨ ᠤ ᠤᠯᠤᠰ ᠤᠨ ᠠᠵᠤ ᠠᠬᠤᠢ ᠶᠢᠨ | ᠰᠠᠭᠤᠷᠢ ᠲᠣᠭᠲᠠᠭᠤᠨ᠂ ᠳᠠᠪᠠᠭᠤᠯᠢᠭ ᠣᠯᠠᠨ᠂ ᠤᠶᠠᠨ ᠴᠢᠨᠠᠷ ᠴᠢᠩᠭ᠎ᠠ᠂ ᠳᠠᠯᠳᠠ ᠴᠢᠳᠠᠪᠤᠷᠢ ᠶᠡᠭᠡ᠂ ᠣᠷᠳᠣ | ᠬᠤᠭᠤᠴᠠᠭ᠎ᠠ ᠪᠠᠷ ᠰᠠᠶᠢᠵᠢᠷᠠᠬᠤ ᠲᠤᠯᠭᠠᠭᠤᠷᠢᠯᠠᠬᠤ ᠨᠥᠬᠦᠴᠡᠯ ᠪᠠ ᠦᠨᠳᠦᠰᠦᠨ ᠬᠠᠨᠳᠤᠰᠢ ᠬᠤᠪᠢᠷᠠᠭᠰᠠᠨ ᠦᠭᠡᠢ | ᠪᠠᠶᠢᠬᠤ ᠶᠢ ᠡᠷᠬᠡᠪᠰᠢ ᠣᠯᠵᠤ ᠬᠠᠷᠠᠬᠤ ᠬᠡᠷᠡᠭᠲᠡᠢ᠃ ᠪᠢᠳᠡ ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠵᠤ᠂ | ᠢᠲᠡᠭᠡᠯ ᠵᠣᠷᠢᠭ ᠢᠶᠠᠨ ᠪᠠᠲᠤᠳᠬᠠᠨ᠂ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ ᠬᠥᠭᠵᠢᠯᠲᠡ ᠶᠢᠨ ᠪᠣᠳᠠᠲᠤ | ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠦᠢᠯᠡᠳᠦᠯᠭᠡ ᠶᠢᠨ ᠳᠤᠮᠳᠠ ᠪᠢᠳᠡ ᠠᠵᠤ ᠠᠬᠤᠢ ᠶᠢᠨ ᠠᠵᠢᠯ ᠤᠨ ᠵᠢᠮ᠎ᠡ ᠶᠣᠰᠣᠴᠢ | ᠴᠢᠨᠠᠷ ᠤᠨ ᠲᠤᠬᠠᠢ ᠲᠠᠨᠢᠯᠲᠠ ᠪᠠᠨ ᠲᠠᠰᠣᠷᠠᠯᠳᠠ ᠦᠭᠡᠢ ᠭᠦᠨᠵᠡᠭᠡᠶᠢᠷᠡᠭᠦᠯᠪᠡ᠃ ᠨᠠᠮ ᠤᠨ ᠲᠥᠪ ᠬᠤᠷᠢᠶ᠎ᠠ ᠶᠢᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ ᠦᠨᠳᠦᠰᠦᠨ | ᠪᠠᠲᠤᠯᠠᠭ᠎ᠠ ᠮᠥᠨ᠂ ᠵᠠᠩᠭᠢᠯᠠᠭ᠎ᠠ ᠶᠢᠨ ᠴᠠᠭ ᠮᠥᠴᠡ᠂ ᠴᠢᠬᠤᠯᠠ ᠴᠠᠭ ᠦᠶ᠎ᠡ ᠳᠤ᠂ ᠨᠠᠮ ᠤᠨ ᠲᠥᠪ ᠬᠤᠷᠢᠶ᠎ᠠ ᠴᠠᠭ | ᠲᠤᠬᠠᠢ ᠳᠤᠨᠢ ᠪᠠᠶᠢᠳᠠᠯ ᠢ ᠰᠤᠳᠤᠯᠤᠨ ᠮᠠᠭᠠᠳᠯᠠᠵᠤ᠂ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠵᠦ᠂ ᠮᠠᠨ ᠤ | ᠤᠯᠤᠰ ᠤᠨ ᠠᠵᠤ ᠠᠬᠤᠢ ᠶᠢᠨ ᠬᠥᠯᠭᠡ ᠣᠩᠭᠤᠴᠠ ᠶᠢᠨ ᠰᠠᠯᠬᠢ ᠳᠠᠪᠠᠯᠭᠠᠨ ᠢ ᠵᠦᠰᠦᠨ ᠯᠠᠪᠳᠠᠭᠤᠨ ᠢᠶᠠᠷ ᠬᠤᠯᠠ | ᠠᠶᠠᠯᠠᠬᠤ ᠶᠢ ᠦᠨᠡᠨ ᠬᠦ ᠪᠠᠲᠤᠯᠠᠪᠠ᠃ ᠡᠷᠬᠡᠪᠰᠢ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠵᠢᠳᠬᠦᠯ ᠴᠢᠷᠮᠠᠶᠢᠯᠭ᠎ᠠ ᠲᠠᠢ | ᠵᠠᠰᠠᠭ ᠤᠨ ᠣᠷᠳᠣᠨ ᠤ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ︽ᠠᠮᠢᠳᠤᠯᠢᠭ ᠪᠤᠯᠭᠠᠬᠤ︾ | ᠮᠥᠷᠲᠡᠭᠡᠨ ︽ᠬᠠᠮᠢᠶᠠᠷᠴᠤ ᠲᠡᠶᠢᠯᠭᠦ︾ ᠠᠵᠤ ᠠᠬᠤᠢ ᠶᠢᠨ ᠡᠮᠬᠢ ᠳᠢᠭᠯᠢᠮ ᠢ ᠪᠤᠢ ᠪᠤᠯᠭᠠᠬᠤ ᠬᠡᠷᠡᠭᠲᠡᠢ᠃ ᠡᠷᠬᠡᠪᠰᠢ | ᠶᠡᠷᠦᠩᠬᠡᠢ ᠬᠠᠩᠭᠠᠯᠭ᠎ᠠ ᠪᠣᠯᠣᠨ ᠶᠡᠷᠦᠩᠬᠡᠢ ᠬᠡᠷᠡᠭᠴᠡᠭᠡ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ | ᠲᠥᠯᠥᠪᠵᠢᠭᠦᠯᠵᠦ᠂ ᠤᠯᠤᠰ ᠠᠷᠠᠳ ᠤᠨ ᠠᠵᠤ ᠠᠬᠤᠢ ᠶᠢᠨ ᠣᠷᠴᠢᠯ ᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ᠃ | ᠡᠷᠬᠡᠪᠰᠢ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠪᠠ ᠬᠠᠭᠤᠴᠢᠨ ᠬᠥᠳᠡᠯᠭᠡᠬᠦ ᠡᠨᠧᠷᠭᠢ ᠶᠢ ᠰᠢᠨᠡᠳᠬᠡᠬᠦ ᠶᠢᠨ | ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ | ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠡᠷᠬᠡᠪᠰᠢ ᠨᠡᠮᠡᠭᠳᠡᠯ ᠢ | ᠰᠢᠯᠢᠳᠡᠭᠵᠢᠭᠦᠯᠬᠦ ᠪᠠ ᠨᠥᠭᠡᠴᠡ ᠶᠢ ᠠᠮᠢᠳᠤᠯᠢᠭᠵᠢᠭᠤᠯᠬᠤ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ | ᠲᠥᠯᠥᠪᠵᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠪᠦᠭᠦ ᠲᠠᠯ᠎ᠠ ᠪᠠᠷ | ᠳᠡᠭᠡᠭᠰᠢᠯᠡᠭᠦᠯᠭᠦ ᠬᠡᠷᠡᠭᠲᠡᠢ᠃ ᠡᠷᠬᠡᠪᠰᠢ ᠶᠠᠰᠤ ᠴᠢᠨᠠᠷ ᠢ ᠳᠡᠭᠡᠭᠰᠢᠯᠡᠭᠦᠯᠭᠦ ᠪᠠ ᠶᠡᠷᠦᠩᠬᠡᠢ ᠬᠡᠮᠵᠢᠶ᠎ᠡ ᠶᠢ | ᠪᠤᠵᠠᠭᠠᠶᠢᠷᠠᠭᠤᠯᠬᠤ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠣᠳᠠᠰ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠦᠵᠡᠪᠡ᠃ | ᠬᠤᠷᠠᠯ ᠠᠴᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ | ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ | ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ | ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠥᠷᠭᠡᠳᠬᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠬᠥᠭᠵᠢᠯᠲᠡ ᠪᠠ ᠠᠮᠤᠷ | ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠨᠠᠩ ᠢᠳᠡᠪᠬᠢᠲᠡᠢ ᠦᠷ᠎ᠡ ᠪᠦᠳᠦᠮᠵᠢ ᠲᠠᠢ ᠬᠤᠷᠸ᠎ᠠ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ | ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠠᠸᠠᠷ ᠤᠨ ᠣᠷᠣᠨ ᠰᠠᠭᠤᠴᠠ ᠶᠢᠨ ᠵᠠᠬ᠎ᠠ ᠳᠡᠯᠭᠡᠭᠦᠷ ᠰᠲ᠋ᠣᠺ ᠤᠨ ᠵᠠᠬ᠎ᠠ | ᠳᠡᠯᠭᠡᠭᠦᠷ ᠢ ᠲᠣᠭᠲᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠪᠠ | ᠭᠠᠳᠠᠭᠠᠳᠤ ᠠᠴᠠ ᠢᠷᠡᠬᠦ ᠴᠣᠬᠢᠯᠲᠠ ᠶᠢ ᠰᠡᠷᠭᠡᠶᠢᠯᠡᠨ ᠠᠷᠢᠯᠭᠠᠵᠤ᠂ ᠵᠢᠱᠢᠯᠲᠡ ᠶᠢ ᠲᠣᠭᠲᠠᠪᠤᠷᠢᠵᠢᠭᠤᠯᠵᠤ᠂ | ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ ᠠᠬᠢᠭᠤᠯᠵᠤ᠂ | ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠪᠠ | ᠲᠣᠭᠲᠠᠭᠤᠨ ᠢ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ | ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠢᠷᠡᠬᠦ ᠵᠢᠯ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠠᠲᠤᠯᠠᠵᠤ᠂ ᠠᠵᠢᠯ ᠣᠯᠭᠤᠯᠲᠠ᠂ | ᠪᠠᠷᠠᠭᠠᠨ ᠤ ᠦᠨ᠎ᠡ ᠶᠢᠨ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠤᠯᠠᠨ ᠤᠯᠤᠰ ᠤᠨ | ᠬᠤᠭᠤᠷᠣᠨᠳᠣᠭᠢ ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠲᠡᠩᠴᠡᠭᠦᠷᠢᠲᠡᠢ ᠪᠠᠶᠢᠬᠤ ᠶᠢ ᠪᠠᠲᠤᠯᠠᠵᠤ᠂ ᠰᠠᠭᠤᠭᠠᠯᠢ | ᠠᠷᠠᠳ ᠤᠨ ᠣᠷᠣᠯᠭ᠎ᠠ ᠪᠣᠯᠣᠨ ᠠᠵᠤ ᠠᠬᠤᠢ ᠶᠢᠨ ᠵᠡᠷᠭᠡ ᠪᠠᠷ ᠨᠡᠮᠡᠭᠳᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠬᠤᠷᠠᠯ ᠠᠴᠠ᠂ ᠢᠷᠡᠬᠦ ᠵᠢᠯ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ | ᠲᠠᠪᠰᠢᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ | ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠡᠪᠳᠡᠵᠦ᠂ ᠰᠢᠰᠲ᠋ᠧᠮᠵᠢᠭᠦᠯᠦᠨ ᠬᠤᠷᠠᠭᠤᠯᠵᠤ᠂ | ᠬᠠᠮᠵᠢᠯᠴᠠᠨ ᠠᠵᠢᠯᠯᠠᠵᠤ᠂ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠬᠤᠷᠸ᠎ᠠ ᠡᠵᠡᠮᠳᠡᠯ ᠲᠣᠬᠢᠷᠠᠭᠤᠯᠭ᠎ᠠ ᠶᠢᠨ ᠪᠠᠷᠠᠯᠠᠯᠳᠤ ᠴᠢᠨᠠᠷ᠂ ᠬᠠᠨᠳᠤᠯᠭᠠᠲᠤ ᠴᠢᠨᠠᠷ᠂ | ᠪᠦᠲᠦᠮᠵᠢᠲᠦ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ | ᠨᠡᠩ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ᠃ ᠡᠳ᠋ ᠤᠨ | ᠵᠠᠰᠠᠭ ᠤᠨ ᠤᠯᠠᠭᠠᠨ ᠲᠤᠭ᠎ᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠲᠦᠷᠦ ᠶᠢᠨ | ᠪᠣᠳᠣᠯᠭ᠎ᠠ ᠶᠢᠨ ᠦᠷᠭᠦᠯᠵᠢᠯᠡᠨ ᠬᠦᠴᠦᠯᠡᠬᠦ᠂ ᠨᠡᠩ ᠦᠷ᠎ᠡ ᠪᠦᠲᠦᠮᠵᠢᠲᠡᠢ ᠪᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠡᠳ᠋ ᠤᠨ ᠵᠠᠰᠠᠭ ᠤᠨ ᠵᠠᠷᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ | ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠭᠡᠳᠤ ᠣᠷᠳᠣ ᠬᠤᠭᠤᠴᠠᠭᠠᠨ ᠤ ᠤᠯᠤᠰ ᠤᠨ ᠣᠨᠴᠠᠭᠠᠶ ᠵᠢᠭᠡᠯᠡᠯᠭᠡ ᠶᠢ | ᠲᠠᠷᠬᠠᠭᠠᠬᠤ ᠶᠢ ᠨᠡᠮᠡᠭᠳᠡᠭᠦᠯᠵᠦ᠂ ︽ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠠ | ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ︾ ᠶᠢᠨ ᠲᠥᠷᠥᠯ ᠵᠦᠢᠯ | ᠪᠠ ︽ᠶᠡᠭᠡ ᠬᠡᠮᠵᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ | ᠰᠢᠨ᠎ᠡ ᠶᠢ ᠰᠣᠯᠢᠬᠤ︾ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠦᠷᠭᠦᠯᠵᠢᠯᠡᠨ ᠳᠡᠮᠵᠢᠬᠦ ᠬᠡᠷᠡᠭᠲᠡᠢ᠃ | ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠵᠤ ᠬᠡᠷᠡᠭᠯᠡᠬᠦ ᠶᠢ | ᠨᠡᠮᠡᠭᠳᠡᠭᠦᠯᠵᠦ᠂ ᠪᠡᠯᠡ ᠣᠷᠣᠭᠤᠯᠤᠯᠲᠠ ᠶᠢᠨ ᠴᠢᠭᠯᠡᠯ ᠤᠨ ᠬᠦᠷᠢᠶ᠎ᠡ ᠴᠠᠷᠠᠭ᠎ᠠ ᠪᠠ ᠲᠦᠷᠦᠯ ᠵᠦᠢᠯ ᠤᠨ ᠬᠥᠷᠥᠩᠭᠡ | ᠮᠥᠩᠭᠦ ᠪᠣᠯᠭᠠᠨ ᠬᠡᠷᠡᠭᠯᠡᠬᠦ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠡᠳ᠋ ᠤᠨ ᠵᠠᠰᠠᠭ ᠤᠨ ᠵᠠᠷᠤᠯᠭ᠎ᠠ ᠶᠢᠨ | ᠪᠦᠲᠦᠴᠡ ᠶᠢ ᠰᠢᠯᠢᠳᠡᠭᠵᠢᠭᠦᠯᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ᠂ ᠨᠥᠭᠡᠴᠡ ᠬᠦᠴᠦᠨ ᠢ | ᠨᠡᠮᠡᠭᠳᠡᠭᠦᠯᠬᠦ ᠶᠢ ᠨᠡᠩ ᠴᠢᠬᠤᠯᠠᠴᠢᠯᠠᠵᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ | ᠱᠤᠭᠤᠮ ᠢ ᠪᠠᠲᠤ ᠰᠠᠬᠢᠬᠤ ᠬᠡᠷᠡᠭᠲᠡᠢ᠃ ᠨᠠᠮ ᠵᠠᠰᠠᠭ ᠤᠨ ᠪᠠᠶᠢᠭᠤᠯᠭ᠎ᠠ ᠠᠷᠪᠢᠯᠠᠨ ᠭᠠᠮᠨᠠᠵᠤ ᠠᠮᠢᠳᠤᠷᠠᠬᠤ ᠶᠢ | ᠪᠠᠷᠢᠮᠲᠠᠯᠠᠬᠤ ᠬᠡᠷᠡᠭᠲᠡᠢ᠃ | ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ᠃ | ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠳᠠᠪᠬᠤᠷ | ᠦᠢᠯᠡᠳᠦᠯ ᠴᠢᠳᠠᠮᠵᠢ ᠶᠢ ᠰᠠᠶᠢᠲᠤᠷ ᠪᠠᠳᠠᠷᠠᠭᠤᠯᠵᠤ᠂ ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢᠨ ᠨᠣᠷᠮ᠎ᠠ | ᠬᠠᠳᠠᠭᠠᠯᠠᠮᠵᠢ ᠪᠠ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠴᠠᠭ ᠲᠤᠨᠢ ᠲᠣᠬᠢᠷᠠᠭᠤᠯᠤᠨ ᠪᠠᠭᠤᠷᠠᠭᠤᠯᠵᠤ᠂ | ᠭᠦᠢᠯᠭᠡᠭᠡᠨ ᠤ ᠴᠢᠨᠠᠷ ᠢᠶᠠᠷ ᠭᠦᠢᠴᠡᠳ ᠪᠠᠶᠢᠬᠤ ᠶᠢ ᠪᠠᠲᠤᠯᠠᠨ᠂ ᠨᠡᠶᠢᠭᠡᠮ ᠤᠨ ᠪᠡᠯᠡ ᠬᠤᠷᠠᠮᠳᠤᠭᠤᠯᠭ᠎ᠠ ᠶᠢᠨ ᠬᠡᠪᠴᠢᠶ᠎ᠡ᠂ | ᠵᠣᠭᠤᠰᠤᠨ ᠤ ᠬᠠᠩᠭᠠᠯᠭ᠎ᠠ ᠶᠢᠨ ᠬᠡᠮᠵᠢᠶ᠎ᠡ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ᠂ ᠦᠨ᠎ᠡ ᠬᠠᠩᠰᠢ ᠶᠢᠨ | ᠶᠡᠷᠦᠩᠬᠡᠢ ᠬᠢᠷᠢ ᠲᠦᠪᠰᠢᠨ ᠤ ᠵᠢᠱᠢᠭᠰᠡᠨ ᠬᠠᠷᠠᠯᠲᠠ ᠯᠤᠭ᠎ᠠ ᠬᠠᠷᠢᠯᠴᠠᠨ ᠲᠣᠬᠢᠷᠠᠯᠴᠠᠭᠤᠯᠬᠤ ᠬᠡᠷᠡᠭᠲᠡᠢ᠃ ᠠᠷᠠᠳ ᠤᠨ | ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠤ | ᠦᠨᠳᠦᠰᠦᠨ ᠳᠡᠭᠡᠨ ᠲᠣᠭᠲᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠲᠥᠪ ᠪᠠᠩᠬᠢ ᠶᠢᠨ ᠬᠤᠷᠸ᠎ᠠ ᠲᠠᠯ᠎ᠠ ᠶᠢᠨ | ᠬᠢᠨᠠᠭᠤᠷ ᠪᠣᠯᠭᠤᠮᠵᠢᠲᠠᠢ ᠪᠠᠶᠢᠬᠤ ᠪᠠ ᠮᠥᠩᠭᠦᠨ ᠭᠦᠢᠯᠭᠡᠭᠡᠨ ᠢ ᠲᠣᠭᠲᠠᠭᠤᠨ ᠪᠠᠶᠢᠯᠭᠠᠬᠤ ᠦᠢᠯᠡᠳᠦᠯ ᠴᠢᠳᠠᠮᠵᠢ ᠶᠢ | ᠰᠦᠪᠡᠭᠴᠢᠯᠡᠨ ᠥᠷᠭᠡᠳᠬᠡᠵᠦ᠂ ᠮᠥᠩᠭᠦᠨ ᠭᠦᠢᠯᠭᠡᠭᠡᠨ ᠤ ᠪᠠᠭᠠᠵᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ | ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃ | ᠲᠦᠷᠦ ᠶᠢᠨ ᠪᠣᠳᠣᠯᠭ᠎ᠠ ᠶᠢᠨ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠡᠳ᠋ ᠤᠨ | ᠵᠠᠰᠠᠭ᠂ ᠵᠣᠭᠤᠰ᠂ ᠠᠵᠢᠯ ᠣᠯᠭᠤᠯᠲᠠ᠂ ᠠᠵᠤ ᠦᠢᠯᠡᠰ᠂ ᠣᠷᠣᠨ ᠪᠦᠰᠡ᠂ ᠠᠷᠠᠯᠵᠢᠶ᠎ᠠ᠂ ᠣᠷᠴᠢᠨ ᠲᠣᠭᠤᠷᠢᠨ ᠤ | ᠬᠠᠮᠠᠭᠠᠯᠠᠯᠲᠠ᠂ ᠬᠢᠨᠠᠯᠲᠠ ᠬᠠᠮᠢᠶᠠᠷᠤᠯᠲᠠ ᠵᠡᠷᠭᠡ ᠲᠦᠷᠦ ᠶᠢᠨ ᠪᠣᠳᠣᠯᠭ᠎ᠠ ᠪᠠ ᠥᠭᠡᠷᠡᠴᠢᠯᠡᠯᠲᠡ ᠨᠡᠭᠡᠭᠡᠯᠲᠡ ᠶᠢᠨ | ᠠᠷᠭ᠎ᠠ ᠬᠡᠮᠵᠢᠶ᠎ᠡ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠭᠤᠷᠣᠨᠳᠣᠭᠢ | ᠪᠦᠲᠦᠮᠵᠢᠲᠡᠢ ᠨᠡᠪᠲᠡᠷᠡᠯᠴᠡᠭᠡ᠂ ᠵᠥᠪᠳᠡᠯᠴᠡᠨ ᠬᠠᠷᠢᠭᠤ ᠲᠤᠰᠬᠠᠬᠤ ᠲᠣᠭᠲᠠᠴᠠ ᠶᠢ ᠲᠡᠭᠦᠯᠳᠡᠷᠵᠢᠭᠦᠯᠵᠦ᠂ | ᠲᠦᠷᠦ ᠶᠢᠨ ᠪᠣᠳᠣᠯᠭ᠎ᠠ ᠶᠢᠨ ᠬᠠᠮᠲᠤᠷᠠᠯ ᠬᠦᠴᠦᠨ ᠢ ᠴᠢᠩᠭᠠᠷᠠᠭᠤᠯᠬᠤ ᠬᠡᠷᠡᠭᠲᠡᠢ᠃ ᠠᠵᠤ ᠠᠬᠤᠢ ᠶᠢᠨ ᠲᠥᠷᠥ ᠶᠢᠨ | ᠪᠣᠳᠣᠯᠭ᠎ᠠ ᠪᠠ ᠠᠵᠤ ᠠᠬᠤᠢ ᠶᠢᠨ ᠪᠤᠰᠤ ᠲᠥᠷᠥ ᠶᠢᠨ ᠪᠣᠳᠣᠯᠭ᠎ᠠ ᠶᠢ ᠬᠤᠷᠸ᠎ᠠ ᠲᠥᠷᠥ ᠶᠢᠨ ᠪᠣᠳᠣᠯᠭ᠎ᠠ ᠶᠢᠨ | ᠬᠠᠨᠳᠤᠰᠢ ᠶᠢᠨ ᠨᠢᠭᠡᠳᠦᠯᠲᠡᠢ ᠴᠢᠨᠠᠷ ᠢ ᠦᠨᠡᠯᠡᠬᠦ ᠬᠡᠪᠴᠢᠶᠡᠨ ᠳᠤ ᠣᠷᠣᠭᠤᠯᠵᠤ᠂ ᠲᠥᠷᠥ ᠶᠢᠨ ᠪᠣᠳᠣᠯᠭ᠎ᠠ | ᠲᠣᠭᠲᠠᠭᠠᠬᠤ ᠪᠠ ᠬᠡᠷᠡᠭᠵᠢᠭᠦᠯᠬᠦ ᠪᠦᠭᠦ ᠶᠠᠪᠤᠴᠠ ᠶᠢ ᠨᠢᠭᠡᠳᠦᠯᠲᠡᠢ ᠲᠥᠯᠥᠪᠵᠢᠭᠦᠯᠦᠨ᠂ ᠲᠥᠷᠥ ᠶᠢᠨ ᠪᠣᠳᠣᠯᠭ᠎ᠠ ᠶᠢᠨ | ᠪᠦᠬᠦᠯᠢ ᠴᠣᠭᠴᠠ ᠶᠢᠨ ᠦᠷ᠎ᠡ ᠪᠦᠳᠦᠮᠵᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠢᠷᠡᠬᠦ ᠵᠢᠯ ᠳᠣᠣᠷᠠᠬᠢ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠬᠤ ᠬᠡᠷᠡᠭᠲᠡᠢ ᠭᠡᠵᠦ | ᠲᠣᠭᠲᠠᠪᠠ᠃ | ᠨᠢᠭᠡ ᠳᠤ᠂ ᠬᠡᠷᠡᠭᠯᠡᠭᠡ ᠶᠢ ᠶᠡᠭᠡ ᠪᠠᠷ ᠬᠥᠭᠵᠢᠭᠡᠵᠦ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ | ᠳᠡᠭᠡᠭᠰᠢᠯᠡᠭᠦᠯᠦᠨ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠦᠭᠦ ᠲᠠᠯ᠎ᠠ ᠪᠠᠷ ᠥᠷᠭᠡᠳᠬᠡᠬᠦ ᠬᠡᠷᠡᠭᠲᠡᠢ᠃ | ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ ᠳᠤᠮᠳᠠ ᠳᠣᠣᠷ᠎ᠠ ᠣᠷᠣᠯᠭ᠎ᠠ ᠲᠠᠢ ᠬᠥᠮᠥᠰ ᠤᠨ | ᠣᠷᠣᠯᠭ᠎ᠠ ᠶᠢ ᠨᠡᠮᠡᠭᠳᠡᠭᠦᠯᠦᠨ ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠵᠤ᠂ ᠬᠡᠷᠡᠭᠯᠡᠭᠡ ᠶᠢᠨ ᠴᠢᠳᠠᠪᠤᠷᠢ᠂ ᠬᠦᠰᠡᠯ | ᠡᠷᠡᠮᠡᠯᠵᠡᠯ ᠪᠠ ᠱᠠᠲᠤ ᠳᠠᠪᠬᠤᠷᠭ᠎ᠠ ᠶᠢ ᠳᠡᠭᠡᠭᠰᠢᠯᠡᠭᠦᠯᠭᠦ ᠬᠡᠷᠡᠭᠲᠡᠢ᠃ ᠠᠵᠢᠯ ᠠᠴᠠ ᠪᠠᠨ ᠠᠮᠠᠷᠠᠭᠰᠠᠳ ᠤᠨ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠵᠣᠬᠢᠰᠲᠠᠢ ᠪᠠᠷ ᠳᠡᠭᠡᠭᠰᠢᠯᠡᠭᠦᠯᠵᠦ᠂ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠳᠡᠭᠡᠭᠰᠢᠯᠡᠭᠦᠯᠵᠦ᠂ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠦᠷᠢ ᠥᠭᠬᠦ | ᠪᠠᠷᠢᠮᠵᠢᠶ᠎ᠠ ᠶᠢ ᠳᠡᠭᠡᠭᠰᠢᠯᠡᠭᠦᠯᠭᠦ ᠬᠡᠷᠡᠭᠲᠡᠢ᠃ ︽ᠬᠤᠶᠠᠷ ᠰᠢᠨ᠎ᠡ︾ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ | ᠬᠡᠪᠴᠢᠶ᠎ᠡ ᠶᠢ ᠬᠦᠴᠦᠯᠡᠨ ᠥᠷᠭᠡᠳᠬᠡᠵᠦ᠂ ᠤᠯᠠᠨ ᠡᠰᠢᠵᠢᠭᠰᠡᠨ ᠬᠡᠷᠡᠭᠯᠡᠭᠡ ᠶᠢᠨ ᠦᠵᠡᠭᠳᠡᠯ ᠪᠠᠶᠢᠳᠠᠯ ᠤᠨ ᠰᠢᠨ᠎ᠡ ᠶᠢ | ᠡᠭᠦᠳᠴᠦ᠂ ᠦᠢᠯᠡᠴᠢᠯᠡᠭᠡᠨ ᠤ ᠬᠡᠷᠡᠭᠯᠡᠭᠡ ᠶᠢ ᠥᠷᠭᠡᠳᠬᠡᠨ᠂ ᠰᠣᠶᠣᠯ ᠵᠢᠭᠤᠯᠴᠢᠯᠠᠯ ᠤᠨ ᠦᠢᠯᠡᠰ ᠤᠨ | ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠩᠬ᠎ᠠ ᠲᠠᠷᠬᠠᠭᠠᠬᠤ ᠠᠵᠤ ᠠᠬᠤᠢ᠂ ᠮᠥᠰᠥ ᠴᠠᠰᠤᠨ ᠤ ᠠᠵᠤ ᠠᠬᠤᠢ᠂ | ᠪᠤᠭᠤᠷᠤᠯᠴᠤᠳ ᠤᠨ ᠠᠵᠤ ᠠᠬᠤᠢ ᠶᠢ ᠢᠳᠡᠪᠬᠢᠲᠡᠢ ᠬᠥᠭᠵᠢᠭᠦᠯᠬᠦ ᠬᠡᠷᠡᠭᠲᠡᠢ᠃ ᠳᠡᠭᠡᠷ᠎ᠡ ᠠᠴᠠ ᠳᠣᠷᠣᠭᠰᠢ ᠵᠣᠬᠢᠶᠠᠨ | ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠵᠤ᠂ ︽ᠬᠤᠶᠠᠷ ᠴᠢᠬᠤᠯᠠ︾ ᠲᠥᠷᠥᠯ ᠵᠦᠢᠯ ᠢ ᠨᠠᠩ ᠬᠦᠴᠦᠲᠡᠢ | ᠳᠡᠮᠵᠢᠬᠦ ᠬᠡᠷᠡᠭᠲᠡᠢ᠃ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠵᠣᠬᠢᠰᠲᠠᠢ ᠪᠠᠷ ᠨᠡᠮᠡᠭᠳᠡᠭᠦᠯᠬᠦ | ᠬᠡᠷᠡᠭᠲᠡᠢ᠃ ᠡᠳ᠋ ᠤᠨ ᠵᠠᠰᠠᠭ ᠬᠢᠭᠡᠳ ᠮᠥᠩᠭᠦᠨ ᠭᠦᠢᠯᠭᠡᠭᠡᠨ ᠤ ᠬᠠᠮᠵᠢᠯᠴᠠᠭ᠎ᠠ ᠶᠢ ᠴᠢᠩᠭᠠᠳᠬᠠᠨ᠂ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠪᠠᠷ ᠨᠡᠶᠢᠭᠡᠮ ᠤᠨ ᠪᠡᠯᠡ ᠣᠷᠣᠭᠤᠯᠤᠯᠲᠠ ᠶᠢ ᠪᠦᠲᠦᠮᠵᠢᠲᠡᠶ ᠳᠠᠶᠢᠴᠢᠯᠠᠬᠤ | ᠬᠡᠷᠡᠭᠲᠡᠢ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠴᠢᠬᠤᠯᠠ ᠶᠡᠭᠡ ᠲᠥᠷᠥᠯ ᠵᠦᠢᠯ ᠢ ᠡᠷᠲᠡᠬᠡᠨ ᠤᠬᠠᠭᠠᠯᠠᠨ | ᠲᠥᠯᠥᠪᠯᠡᠬᠦ ᠬᠡᠷᠡᠭᠲᠡᠢ᠃ ᠬᠤᠲᠠ ᠶᠢᠨ ᠰᠢᠨᠡᠴᠢᠯᠡᠯᠲᠡ ᠶᠢ ᠶᠡᠭᠡ ᠪᠠᠷ ᠬᠡᠷᠡᠭᠵᠢᠭᠦᠯᠬᠦ ᠬᠡᠷᠡᠭᠲᠡᠢ᠃ ᠪᠦᠭᠦ ᠨᠡᠶᠢᠭᠡᠮ ᠤᠨ | ᠪᠠᠷᠠᠭᠠᠨ ᠤ ᠭᠦᠢᠯᠭᠡᠭᠡᠨ ᠤ ᠥᠪᠡᠷ ᠤᠨ ᠦᠷᠲᠡᠭ ᠢ ᠪᠠᠭᠤᠷᠠᠭᠤᠯᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠬᠦ ᠬᠡᠷᠡᠭᠲᠡᠢ᠃ | | ᠬᠤᠶᠠᠷ ᠲᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠥᠲᠥᠯᠥᠨ ᠳᠠᠭᠠᠭᠤᠯᠵᠤ᠂ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠰᠠᠭᠤᠷᠢ ᠰᠤᠳᠤᠯᠭᠠᠨ ᠪᠠ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠴᠢᠩᠭᠠᠳᠬᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠲᠦᠷᠦᠯ ᠵᠦᠢᠯ ᠢ ᠤᠷᠢᠳᠴᠢᠯᠠᠨ ᠪᠠᠶᠢᠷᠢᠰᠢᠭᠤᠯᠵᠤ᠂ ᠰᠢᠨ᠎ᠡ ᠮᠡᠷᠭᠡᠵᠢᠯ ᠰᠢᠨ᠎ᠡ ᠦᠢᠯᠡᠳᠬᠦᠨ ᠰᠢᠨ᠎ᠡ | ᠦᠵᠡᠭᠳᠡᠯ ᠪᠠᠶᠢᠳᠠᠯ ᠤᠨ ᠶᠡᠭᠡ ᠬᠡᠪᠴᠢᠶᠡᠨ ᠤ ᠬᠡᠷᠡᠭᠯᠡᠭᠡᠨ ᠤ ᠵᠢᠱᠢᠶ᠎ᠡ ᠦᠵᠡᠭᠦᠯᠭᠦ ᠠᠵᠢᠯᠯᠠᠭ᠎ᠠ ᠶᠢ ᠥᠷᠨᠢᠭᠦᠯᠬᠦ | ᠬᠡᠷᠡᠭᠲᠡᠢ᠃ ︽ᠵᠣᠬᠢᠶᠠᠮᠠᠯ ᠣᠶᠤᠨ ᠴᠢᠳᠠᠪᠤᠷᠢ +︾ ᠠᠵᠢᠯᠯᠠᠭ᠎ᠠ ᠶᠢ ᠥᠷᠨᠢᠭᠦᠯᠵᠦ᠂ ᠢᠷᠡᠭᠡᠳᠦᠢ ᠶᠢᠨ ᠠᠵᠤ | ᠦᠢᠯᠡᠰ ᠢ ᠪᠤᠶᠢᠵᠢᠭᠤᠯᠬᠤ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠣᠯᠠᠨ ᠲᠠᠰ ᠳᠠᠪᠬᠤᠷᠭ᠎ᠠ ᠶᠢᠨ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠬᠦᠯᠢᠴᠡᠩᠭᠦᠢ ᠬᠥᠷᠥᠩᠭᠡ ᠶᠢ ᠪᠤᠵᠠᠭᠠᠶᠢᠷᠠᠭᠤᠯᠤᠨ᠂ | ᠨᠡᠶᠢᠭᠡᠮ ᠤᠨ ᠬᠥᠷᠥᠩᠭᠡ ᠶᠢ ᠨᠠᠩ ᠶᠡᠭᠡ ᠡᠷᠴᠢᠮ ᠢᠶᠠᠷ ᠲᠠᠲᠠᠵᠤ ᠦᠢᠯᠡᠰ ᠪᠣᠰᠬᠠᠬᠤ ᠪᠡᠯᠡ ᠣᠷᠣᠭᠤᠯᠤᠯᠲᠠ ᠳᠤ | ᠣᠷᠣᠯᠴᠠᠭᠤᠯᠵᠤ᠂ ᠰᠢᠨ᠎ᠡ ᠶᠢ ᠡᠭᠦᠳᠬᠦ ᠭᠡᠯᠪᠡᠷᠢ ᠶᠢᠨ ᠠᠵᠤ ᠠᠬᠤᠶᠢᠯᠠᠯ ᠢ ᠱᠠᠲᠤᠯᠢᠭ ᠢᠶᠠᠷ ᠪᠤᠶᠢᠵᠢᠭᠤᠯᠬᠤ ᠬᠡᠷᠡᠭᠲᠡᠢ᠃ | ︽ᠳᠣᠲᠣᠭᠰᠢ ᠬᠤᠮᠢᠷᠠᠬᠤ ᠮᠠᠶ᠋ᠢᠭ︾ ᠤᠨ ᠥᠷᠢᠰᠦᠯᠳᠦᠭᠡᠨ ᠢ ᠶᠡᠷᠦᠩᠬᠡᠶᠢᠯᠡᠨ ᠴᠡᠭᠴᠡᠯᠡᠨ ᠵᠠᠰᠠᠵᠤ᠂ ᠣᠷᠣᠨ | ᠨᠤᠲᠤᠭ ᠤᠨ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ | ᠲᠣᠭᠠᠴᠢᠯᠠᠭᠰᠠᠨ ᠮᠡᠷᠭᠡᠵᠢᠯ᠂ ᠪᠣᠬᠢᠷᠳᠤᠯ ᠦᠭᠡᠢ ᠲᠦ᠋ᠭᠨᠢᠭ ᠮᠡᠷᠭᠡᠵᠢᠯ ᠢ ᠢᠳᠡᠪᠬᠢᠲᠡᠢ ᠬᠡᠷᠡᠭᠯᠡᠵᠦ᠂ ᠤᠯᠠᠮᠵᠢᠯᠠᠯᠲᠤ | ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠬᠡᠷᠡᠭᠲᠡᠢ᠃ | ᠭᠤᠷᠪᠠ ᠳᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠳᠠᠭᠠᠭᠤᠯᠬᠤ ᠦᠢᠯᠡᠳᠦᠯ ᠢ | ᠪᠠᠳᠠᠷᠠᠭᠤᠯᠵᠤ᠂ ᠪᠡᠯᠭᠡ ᠲᠡᠮᠳᠡᠭ ᠤᠨ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠴᠢᠨᠠᠷ ᠰᠠᠶᠢᠲᠠᠢ | ᠪᠡᠶᠡᠯᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠠᠬᠢᠭᠤᠯᠬᠤ ᠬᠠᠤᠯᠢ ᠶᠢ ᠨᠡᠶᠢᠲᠡᠯᠡᠬᠦ ᠬᠡᠷᠡᠭᠲᠡᠢ᠃ | ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ | ᠥᠷᠨᠢᠭᠦᠯᠬᠦ ᠬᠡᠷᠡᠭᠲᠡᠢ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢᠨ | ᠵᠢᠯᠣᠭᠤᠳᠤᠮᠵᠢ ᠶᠢ ᠲᠣᠭᠲᠠᠭᠠᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠠᠪᠴᠠᠩ ᠤᠨ ᠠᠵᠤ | ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠡᠳ᠋ ᠤᠨ ᠵᠠᠰᠠᠭ ᠭᠠᠶᠢᠯᠢ ᠶᠢᠨ ᠲᠠᠯ᠎ᠠ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠣᠷᠣᠨ ᠨᠤᠲᠤᠭ ᠤᠨ | ᠪᠡᠶ᠎ᠡ ᠪᠠᠨ ᠳᠠᠭᠠᠭᠠᠭᠰᠠᠨ ᠡᠳ᠋ ᠤᠨ ᠬᠦᠴᠦᠨ ᠢ ᠨᠡᠮᠡᠭᠳᠡᠭᠦᠯᠬᠦ ᠬᠡᠷᠡᠭᠲᠡᠢ᠃ ᠬᠥᠷᠥᠩᠭᠡ ᠶᠢᠨ ᠵᠠᠬ᠎ᠠ ᠳᠡᠯᠭᠡᠭᠦᠷ ᠤᠨ | ᠪᠡᠯᠡ ᠣᠷᠣᠭᠤᠯᠤᠯᠲᠠ ᠪᠡᠯᠡ ᠬᠤᠷᠠᠮᠳᠤᠭᠤᠯᠭ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠳᠤᠮᠳᠠ ᠤᠷᠲᠤ ᠬᠤᠭᠤᠴᠠᠭᠠᠨ ᠤ ᠪᠡᠯᠡ ᠮᠥᠩᠭᠦ ᠶᠢᠨ ᠵᠠᠬ᠎ᠠ ᠳᠡᠯᠭᠡᠭᠦᠷ ᠲᠤ ᠣᠷᠣᠬᠤ ᠬᠤᠷᠢᠭ᠎ᠠ ᠴᠡᠭ ᠢ | ᠨᠠᠪᠲᠠᠷᠡᠭᠦᠯᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠳᠦᠷᠢᠮ ᠤᠨ ᠪᠠᠭᠲᠠᠭᠠᠮᠵᠢᠲᠤ ᠴᠢᠨᠠᠷ᠂ ᠵᠣᠬᠢᠴᠠᠬᠤ ᠴᠢᠨᠠᠷ ᠢ | ᠴᠢᠩᠭᠠᠷᠠᠭᠤᠯᠬᠤ ᠬᠡᠷᠡᠭᠲᠡᠢ᠃ | ᠳᠥᠷᠪᠡ ᠳᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠭᠠᠳᠠᠭᠠᠳᠤ | ᠠᠷᠠᠯᠵᠢᠶ᠎ᠠ ᠶᠢ ᠲᠣᠭᠲᠠᠪᠤᠷᠢᠵᠢᠭᠤᠯᠵᠤ᠂ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠬᠡᠷᠡᠭᠲᠡᠢ᠃ ᠪᠡᠶ᠎ᠡ ᠪᠠᠨ | ᠳᠠᠭᠠᠭᠠᠵᠤ ᠨᠡᠭᠡᠭᠡᠯᠲᠡ ᠬᠢᠬᠦ ᠪᠠ ᠭᠠᠭᠴᠠ ᠲᠠᠯᠠᠲᠤ ᠨᠡᠭᠡᠭᠡᠯᠲᠡ ᠶᠢ ᠡᠮᠬᠢ ᠵᠢᠷᠤᠮ ᠲᠠᠢ ᠥᠷᠭᠡᠳᠬᠡᠨ᠂ ᠳᠦᠷᠢᠮ ᠤᠨ | ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ | ᠣᠷᠣᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠥᠭᠡᠷᠡᠴᠢᠯᠡᠯᠲᠡ ᠶᠢᠨ ᠡᠭᠦᠷᠭᠡ ᠶᠢᠨ | ᠡᠷᠬᠡ ᠣᠯᠭᠤᠯᠲᠠ ᠶᠢ ᠥᠷᠭᠡᠳᠬᠡᠬᠦ ᠶᠢ ᠠᠬᠢᠭᠤᠯᠵᠤ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ | ᠭᠤᠣᠯᠯᠠᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ | ᠦᠢᠯᠡᠴᠢᠯᠡᠭᠡᠨ ᠤ ᠠᠷᠠᠯᠵᠢᠶ᠎ᠠ᠂ ᠪᠣᠬᠢᠷᠳᠤᠯ ᠦᠭᠡᠢ ᠠᠷᠠᠯᠵᠢᠶ᠎ᠠ᠂ ᠲᠣᠭᠠᠴᠢᠯᠠᠭᠰᠠᠨ ᠠᠷᠠᠯᠵᠢᠶ᠎ᠠ ᠶᠢ ᠢᠳᠡᠪᠬᠢᠲᠡᠢ | ᠬᠥᠭᠵᠢᠭᠦᠯᠬᠦ ᠬᠡᠷᠡᠭᠲᠡᠢ᠃ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢ ᠠᠬᠢᠭᠤᠯᠬᠤ ᠪᠠᠶᠢᠭᠤᠯᠤᠯ | ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ | ᠯᠠᠪᠳᠠᠭᠤᠨ ᠢᠶᠠᠷ ᠠᠬᠢᠭᠤᠯᠵᠤ᠂ ᠴᠠᠭᠢᠯᠭᠠᠨ ᠴᠢᠮᠡᠭᠡ ᠬᠤᠯᠪᠤᠭ᠎ᠠ᠂ ᠡᠮᠴᠢᠯᠡᠭᠡᠨ᠂ ᠰᠤᠷᠭᠠᠨ ᠬᠥᠮᠦᠵᠢᠯ ᠵᠡᠷᠭᠡ | ᠬᠦᠷᠢᠶᠡᠨ ᠳᠠᠬᠢ ᠨᠡᠭᠡᠭᠡᠯᠲᠡ ᠶᠢᠨ ᠲᠤᠷᠰᠢᠯᠲᠠ ᠶᠢᠨ ᠴᠡᠭ ᠢ ᠥᠷᠭᠡᠳᠬᠡᠨ᠂ ︽ᠳᠤᠮᠳᠠᠳᠤ ᠤᠯᠤᠰ ᠲᠤ ᠪᠡᠯᠡ | ᠣᠷᠣᠭᠤᠯᠬᠤ︾ ᠲᠦᠷᠦᠯ ᠲᠡᠮᠳᠡᠭ ᠢ ᠦᠷᠭᠦᠯᠵᠢᠯᠡᠨ ᠡᠭᠦᠳᠬᠦ ᠬᠡᠷᠡᠭᠲᠡᠢ᠃ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ | ᠭᠠᠳᠠᠭᠠᠳᠤ ᠳᠠᠬᠢ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ | ᠲᠠᠪᠤ ᠳᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ | ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠬᠤ | ᠬᠡᠷᠡᠭᠲᠡᠢ᠃ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠵᠤ ᠲᠣᠭᠲᠠᠭᠤᠨ | ᠪᠠᠶᠢᠳᠠᠯ ᠳᠤ ᠣᠷᠣᠬᠤ ᠶᠢ ᠦᠷᠭᠦᠯᠵᠢᠯᠡᠨ ᠬᠦᠴᠦᠯᠡᠨ ᠠᠬᠢᠭᠤᠯᠵᠤ᠂ ᠬᠤᠲᠠᠨ ᠳᠤᠮᠳᠠᠬᠢ ᠲᠣᠰᠬᠤᠨ ᠪᠠ ᠨᠤᠷᠠᠬᠤ | ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠬᠦᠴᠦᠯᠡᠨ ᠬᠢᠵᠦ᠂ ᠬᠠᠲᠠᠭᠤ ᠬᠡᠷᠡᠭᠴᠡᠭᠡ | ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢᠨ ᠳᠠᠯᠳᠠ ᠬᠦᠴᠦᠨ ᠢ ᠭᠦᠢᠴᠡᠳ | ᠪᠠᠳᠠᠷᠠᠭᠤᠯᠬᠤ ᠬᠡᠷᠡᠭᠲᠡᠢ᠃ ᠰᠢᠨ᠎ᠡ ᠪᠠᠷ ᠨᠡᠮᠡᠭᠳᠡᠭᠰᠡᠨ ᠭᠡᠷ ᠭᠠᠵᠠᠷ ᠤᠨ ᠬᠥᠷᠥᠩᠭᠡ ᠳᠤ ᠬᠡᠷᠡᠭᠯᠡᠬᠦ ᠭᠠᠵᠠᠷ ᠰᠢᠷᠣᠢ ᠶᠢᠨ | ᠬᠠᠩᠭᠠᠯᠭ᠎ᠠ ᠶᠢ ᠵᠦᠢ ᠵᠣᠬᠢᠰᠲᠠᠢ ᠬᠢᠵᠠᠭᠠᠷᠯᠠᠵᠤ᠂ ᠨᠥᠭᠡᠴᠡ ᠭᠠᠵᠠᠷ ᠰᠢᠷᠣᠢ ᠪᠠ ᠬᠤᠳᠠᠯᠳᠤᠭ᠎ᠠ ᠡᠵᠡᠩᠨᠡᠯᠲᠡ ᠳᠤ | ᠬᠡᠷᠡᠭᠯᠡᠬᠦ ᠪᠠ ᠠᠯᠪᠠᠯᠠᠬᠤ ᠳᠤ ᠬᠡᠷᠡᠭᠯᠡᠬᠦ ᠭᠡᠷ ᠪᠠᠶᠢᠰᠢᠩ ᠢ ᠠᠮᠢᠳᠤᠯᠢᠭᠵᠢᠭᠤᠯᠵᠤ᠂ ᠨᠥᠭᠡᠴᠡ ᠲᠠᠸᠠᠷ ᠤᠨ ᠭᠡᠷ | ᠪᠠᠶᠢᠰᠢᠩ ᠢ ᠰᠢᠢᠳᠪᠦᠷᠢᠯᠡᠬᠦ ᠠᠵᠢᠯ ᠢ ᠠᠬᠢᠭᠤᠯᠬᠤ ᠬᠡᠷᠡᠭᠲᠡᠢ᠃ ᠭᠡᠷ ᠭᠠᠵᠠᠷ ᠤᠨ ᠬᠥᠷᠥᠩᠭᠡ ᠶᠢᠨ ᠬᠥᠭᠵᠢᠯᠲᠡ ᠶᠢᠨ | ᠰᠢᠨ᠎ᠡ ᠵᠠᠭᠪᠤᠷ ᠢ ᠪᠠᠶᠢᠭᠤᠯᠬᠤ ᠶᠢ ᠠᠬᠢᠭᠤᠯᠵᠤ᠂ ᠬᠤᠯᠪᠣᠭᠳᠠᠯ ᠪᠦᠬᠦᠢ ᠰᠠᠭᠤᠷᠢᠯᠠᠬᠤ ᠴᠢᠨᠠᠷᠲᠠᠢ ᠳᠦᠷᠢᠮ ᠢ ᠡᠮᠬᠢ | ᠵᠢᠷᠤᠮ ᠲᠠᠢ ᠪᠠᠷ ᠪᠠᠶᠢᠭᠤᠯᠬᠤ ᠬᠡᠷᠡᠭᠲᠡᠢ᠃ ᠣᠷᠣᠨ ᠨᠤᠲᠤᠭ ᠤᠨ ᠳᠤᠮᠳᠠ ᠪᠠᠭ᠎ᠠ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠯᠠᠪᠳᠠᠭᠤᠨ ᠲᠣᠬᠢᠷᠠᠮᠵᠢᠲᠠᠢ ᠰᠢᠢᠳᠪᠦᠷᠢᠯᠡᠬᠦ ᠬᠡᠷᠡᠭᠲᠡᠢ᠃ ᠲᠥᠪ ᠤᠨ ᠪᠠ | ᠣᠷᠣᠨ ᠨᠤᠲᠤᠭ ᠤᠨ ᠬᠢᠨ ᠬᠦᠴᠦ ᠪᠠᠨ ᠬᠠᠮᠲᠤᠳᠬᠠᠨ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ | ᠴᠣᠬᠢᠯᠲᠠ ᠥᠭᠬᠦ ᠬᠡᠷᠡᠭᠲᠡᠢ᠃ | ᠵᠢᠷᠭᠤᠭ᠎ᠠ ᠳᠤ᠂ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠳᠠ ᠬᠥᠳᠡᠭᠡ ᠶᠢᠨ | ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ | ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢ ᠴᠢᠩᠳᠠᠯᠠᠬᠤ | ᠬᠡᠷᠡᠭᠲᠡᠢ᠃ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠤᠨᠠᠯᠲᠠ ᠶᠢ ᠲᠣᠭᠲᠠᠪᠤᠷᠢᠵᠢᠭᠤᠯᠤᠨ | ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠠᠳᠬᠤᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠦᠷ᠎ᠡ ᠠᠰᠢᠭ ᠪᠠ | ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠠᠮᠤ ᠪᠤᠳᠠᠭ᠎ᠠ ᠲᠠᠷᠢᠬᠤ ᠲᠠᠷᠢᠶᠠᠴᠢᠨ ᠪᠠ ᠠᠮᠤ ᠪᠤᠳᠠᠭᠠᠨ ᠤ | ᠭᠤᠣᠯ ᠭᠠᠷᠤᠯᠲᠠ ᠶᠢᠨ ᠣᠷᠣᠨ ᠤ ᠢᠳᠡᠪᠬᠢᠵᠢᠯ ᠢ ᠬᠠᠮᠠᠭᠠᠯᠠᠵᠤ᠂ ᠠᠮᠤ ᠪᠤᠳᠠᠭᠠᠨ ᠤ ᠦᠨ᠎ᠡ ᠬᠠᠩᠰᠢ ᠶᠢᠨ | ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠵᠤ | ᠦᠢᠯᠡᠰ ᠢ ᠬᠥᠭᠵᠢᠭᠦᠯᠬᠦ᠂ ᠰᠢᠶᠠᠨ ᠢ ᠬᠦᠴᠦᠷᠬᠡᠭᠵᠢᠭᠦᠯᠬᠦ᠂ ᠠᠷᠠᠳ ᠢ ᠪᠠᠶᠠᠵᠢᠭᠤᠯᠬᠤ ᠶᠢ ᠨᠢᠭᠡ ᠴᠣᠭᠴᠠᠵᠢᠭᠤᠯᠤᠨ | ᠬᠥᠭᠵᠢᠭᠦᠯᠬᠦ ᠶᠢ ᠠᠬᠢᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ | ᠠᠷᠭ᠎ᠠ ᠵᠠᠮ ᠢ ᠥᠷᠭᠡᠳᠬᠡᠬᠦ ᠬᠡᠷᠡᠭᠲᠡᠢ᠃ ᠣᠳᠣᠬᠢᠴᠢᠯᠠᠭᠰᠠᠨ ᠶᠡᠭᠡ ᠬᠤᠲᠠ ᠶᠢᠨ ᠲᠣᠭᠤᠷᠢᠭ ᠢ ᠬᠥᠭᠵᠢᠭᠦᠯᠵᠦ᠂ | ᠭᠡᠲᠦ ᠲᠣᠮᠣ ᠣᠨᠴᠠ ᠲᠣᠮᠣ ᠬᠤᠲᠠ ᠶᠢᠨ ᠣᠳᠣᠬᠢᠴᠢᠯᠠᠭᠰᠠᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ | ᠰᠢᠶᠠᠨ ᠤ ᠬᠡᠪᠴᠢᠶᠡᠨ ᠤ ᠠᠵᠤ ᠠᠬᠤᠢ ᠶᠢ ᠶᠡᠭᠡ ᠪᠠᠷ ᠬᠥᠭᠵᠢᠭᠦᠯᠬᠦ ᠬᠡᠷᠡᠭᠲᠡᠢ᠃ | ᠲᠤᠯᠤᠭ᠎ᠠ ᠳᠤ᠂ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢᠶᠠᠨ | ᠴᠢᠩᠭᠠᠷᠠᠭᠤᠯᠵᠤ᠂ ᠣᠷᠣᠨ ᠪᠦᠰᠡ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠬᠤ ᠬᠡᠷᠡᠭᠲᠡᠢ᠃ | ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢᠨ ᠳᠠᠪᠬᠤᠷ | ᠦᠢᠯᠡᠳᠦᠯ ᠨᠥᠯᠥᠭᠡ ᠶᠢ ᠪᠠᠳᠠᠷᠠᠭᠤᠯᠵᠤ᠂ ᠰᠢᠨ᠎ᠡ ᠨᠡᠮᠡᠭᠳᠡᠯ ᠤᠨ ᠲᠦᠢᠯ ᠢ ᠢᠳᠡᠪᠬᠢᠲᠡᠢ ᠪᠤᠶᠢᠵᠢᠭᠤᠯᠬᠤ ᠬᠡᠷᠡᠭᠲᠡᠢ᠃ | ᠠᠵᠤ ᠠᠬᠤᠢ ᠶᠢᠨ ᠬᠥᠭᠵᠢᠯᠲᠡ ᠪᠠᠷ ᠳᠠᠪᠠᠭᠤᠯᠢᠭ ᠣᠷᠣᠨ ᠪᠦᠰᠡ ᠶᠢᠨ ᠰᠢᠨ᠎ᠡ ᠶᠢ ᠡᠭᠦᠳᠬᠦ ᠴᠢᠳᠠᠪᠤᠷᠢ ᠪᠠ | ᠨᠥᠯᠥᠭᠡᠯᠡᠨ ᠳᠠᠶᠢᠴᠢᠯᠠᠬᠤ ᠦᠢᠯᠡᠳᠦᠯ ᠢ ᠳᠡᠭᠡᠭᠰᠢᠯᠡᠭᠦᠯᠭᠦ ᠬᠡᠷᠡᠭᠲᠡᠢ᠃ ᠠᠵᠤ ᠠᠬᠤᠢ ᠶᠢᠨ ᠲᠣᠮᠣ ᠮᠤᠵᠢ ᠶᠢᠨ | ᠲᠤᠯᠭᠠᠭᠤᠷᠢ ᠬᠦᠴᠦᠨ ᠪᠤᠯᠬᠤ ᠶᠢ ᠲᠡᠮᠵᠢᠵᠤ᠂ ᠪᠤᠰᠤᠳ ᠭᠠᠵᠠᠷ ᠣᠷᠣᠨ ᠤ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠵᠣᠷᠢᠭᠵᠢᠭᠤᠯᠬᠤ ᠬᠡᠷᠡᠭᠲᠡᠢ᠃ ᠵᠡᠭᠦᠨ᠂ | ᠳᠤᠮᠳᠠ᠂ ᠪᠠᠷᠠᠭᠤᠨ ᠪᠠ ᠵᠡᠭᠦᠨ ᠬᠤᠶᠢᠲᠤ ᠶᠢᠨ ᠭᠠᠵᠠᠷ ᠣᠷᠣᠨ ᠤ ᠠᠵᠤ ᠦᠢᠯᠡᠰ ᠤᠨ ᠬᠠᠮᠵᠢᠯᠴᠠᠭ᠎ᠠ ᠶᠢ | ᠭᠦᠨᠵᠡᠭᠡᠶᠢᠷᠡᠭᠦᠯᠵᠦ᠂ ᠳᠠᠯᠠᠢ ᠲᠠᠩᠭᠢᠰ ᠤᠨ ᠠᠵᠤ ᠠᠬᠤᠢ ᠪᠠ ᠪᠤᠯᠤᠩ ᠤᠨ ᠣᠷᠣᠨ ᠤ ᠠᠵᠤ ᠠᠬᠤᠢ ᠶᠢ ᠶᠡᠭᠡ ᠪᠠᠷ | ᠬᠥᠭᠵᠢᠭᠦᠯᠬᠦ ᠬᠡᠷᠡᠭᠲᠡᠢ᠃ | ᠨᠠᠢᠮᠠ ᠳᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ | ᠨᠣᠭᠤᠭᠠᠷᠠᠭᠤᠯᠤᠯᠲᠠ ᠶᠢ ᠥᠷᠭᠡᠳᠬᠡᠬᠦ᠂ ᠥᠰᠦᠯᠲᠡ ᠶᠢ ᠨᠡᠮᠡᠭᠳᠡᠭᠦᠯᠬᠦ ᠶᠢ ᠬᠠᠮᠵᠢᠯᠴᠠᠭᠤᠯᠤᠨ ᠠᠬᠢᠭᠤᠯᠵᠤ᠂ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠲᠦᠷᠭᠡᠳᠬᠡᠬᠦ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠬᠡᠷᠡᠭᠲᠡᠢ᠃ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠠᠮᠢ ᠠᠬᠤᠢ ᠶᠢ ᠪᠤᠢ ᠪᠤᠯᠭᠠᠵᠤ᠂ ᠪᠣᠬᠢᠷᠳᠤᠯ | ᠦᠭᠡᠢ ᠪᠠᠷᠢᠯᠭ᠎ᠠ ᠵᠡᠷᠭᠡ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠬᠤ ᠬᠡᠷᠡᠭᠲᠡᠢ᠃ ︽ᠤᠮᠠᠷᠠᠲᠤ ᠶᠢᠨ ᠭᠤᠷᠪᠠᠨ | ᠣᠷᠣᠨ︾ ᠤ ᠢᠨᠵᠧᠨᠧᠷᠢᠩ ᠤᠨ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠴᠢᠬᠤᠯᠠ ᠦᠷ᠎ᠡ ᠪᠦᠲᠦᠭᠡᠯ | ᠣᠯᠬᠤ ᠶᠢ ᠠᠬᠢᠭᠤᠯᠵᠤ᠂ ︽ᠡᠯᠡᠰᠦ ᠭᠤᠪᠢ ᠴᠦᠯ︾ ᠳᠠᠬᠢ ᠰᠢᠨ᠎ᠡ ᠡᠨᠧᠷᠭᠢ ᠶᠢᠨ ᠰᠠᠭᠤᠷᠢᠨ ᠤ ᠪᠦᠲᠦᠭᠡᠨ | ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃ ᠨᠢᠭᠡ ᠪᠦᠯᠦᠭ ᠨᠡᠭᠦᠷᠡᠰᠦᠲᠥ᠋ᠷᠥᠭᠴᠢ ᠥᠯᠤ ᠭᠠᠳᠠᠭᠰᠢᠯᠠᠭᠤᠯᠬᠤ | ᠬᠦᠷᠢᠶᠡᠯᠡᠩ ᠲᠣᠭᠤᠷᠢᠭ ᠢ ᠪᠠᠶᠢᠭᠤᠯᠵᠤ᠂ ᠪᠦᠭᠦ ᠤᠯᠤᠰ ᠤᠨ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠤᠨ | ᠪᠠᠶᠢᠭᠤᠯᠤᠯᠲᠠ ᠶᠢ ᠠᠬᠢᠭᠤᠯᠵᠤ᠂ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠠᠮᠢᠶᠠᠷᠤᠯᠲᠠ ᠶᠢᠨ | ᠰᠢᠰᠲ᠋ᠧᠮ᠂ ᠨᠡᠭᠦᠷᠡᠰᠦᠲᠥ᠋ᠷᠥᠭᠴᠢ ᠶᠢᠨ ᠲᠡᠮᠳᠡᠭ ᠢᠯᠡᠳᠬᠡᠮᠵᠢ ᠭᠡᠷᠡᠴᠢᠯᠡᠬᠦ ᠳᠦᠷᠢᠮ ᠢ ᠪᠠᠶᠢᠭᠤᠯᠬᠤ ᠬᠡᠷᠡᠭᠲᠡᠢ᠃ | ᠬᠥᠬᠡ ᠣᠭᠲᠠᠷᠭᠤᠢ᠂ ᠬᠥᠬᠡᠮᠳᠦᠭ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ | ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠵᠠᠰᠠᠬᠤ | ᠠᠵᠢᠯᠯᠠᠭᠠᠨ ᠤ ᠲᠥᠯᠥᠪᠯᠡᠭᠡ ᠶᠢ ᠲᠣᠭᠲᠠᠭᠠᠬᠤ ᠬᠡᠷᠡᠭᠲᠡᠢ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ | ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ ᠪᠠᠶᠢᠭᠠᠯᠢ ᠶᠢᠨ ᠭᠠᠮᠰᠢᠭ ᠢ ᠰᠡᠷᠭᠡᠶᠢᠯᠡᠨ | ᠵᠠᠰᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ | ᠶᠢᠰᠦ ᠳᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠷᠠᠳ | ᠣᠯᠠᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ | ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠥᠷᠥᠯ᠂ ᠬᠤᠲᠠ ᠬᠥᠳᠡᠭᠡ | ᠦᠨᠳᠦᠰᠦᠨ ᠱᠠᠲᠤ ᠪᠣᠯᠣᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠠᠵᠢᠯ ᠣᠯᠭᠤᠯᠲᠠ ᠶᠢ ᠳᠡᠮᠵᠢᠬᠦ | ᠲᠥᠯᠥᠪᠯᠡᠭᠡ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠠᠬᠢᠭᠤᠯᠬᠤ ᠬᠡᠷᠡᠭᠲᠡᠢ᠃ | ᠠᠮᠢᠳᠤᠯᠢᠭ ᠢᠶᠠᠷ ᠠᠵᠢᠯ ᠣᠯᠣᠭᠰᠠᠳ ᠪᠠ ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ ᠬᠥᠳᠡᠯᠮᠦᠷᠢᠴᠢᠳ ᠤᠨ | ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠠᠵᠤ ᠦᠢᠯᠡᠰ᠂ ᠠᠵᠢᠯ ᠣᠯᠭᠤᠯᠲᠠ ᠵᠡᠷᠭᠡ | ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠡᠪᠴᠢᠶᠡᠵᠢᠯ ᠤᠨ ᠴᠢᠨᠠᠷᠲᠠᠢ | ᠳᠠᠭᠢᠨ ᠶᠠᠳᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ | ᠠᠮᠢᠳᠤᠷᠠᠯ ᠢ ᠪᠠᠲᠤᠯᠠᠬᠤ ᠬᠡᠷᠡᠭᠲᠡᠢ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ | ᠲᠡᠩᠴᠡᠭᠦᠷᠢᠲᠡᠢ ᠬᠥᠭᠵᠢᠬᠦ ᠶᠢ ᠠᠬᠢᠭᠤᠯᠵᠤ᠂ ᠴᠢᠨᠠᠷ ᠰᠠᠶᠢᠲᠠᠢ ᠵᠢᠩᠬᠢᠨᠢ ᠠᠩᠭᠢ ᠶᠢᠨ ᠪᠠᠭᠲᠠᠭᠠᠮᠵᠢ ᠶᠢ | ᠥᠷᠭᠡᠳᠬᠡᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠶᠢ | ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠦᠷᠡᠵᠢᠯ ᠢ ᠠᠬᠢᠭᠤᠯᠬᠤ ᠲᠦᠷᠦ ᠶᠢᠨ ᠪᠣᠳᠣᠯᠭ᠎ᠠ ᠶᠢ ᠲᠣᠭᠲᠠᠭᠠᠬᠤ | ᠬᠡᠷᠡᠭᠲᠡᠢ᠃ ᠨᠡᠶᠢᠭᠡᠮ ᠲᠣᠭᠤᠷᠢᠭ ᠠᠴᠠ ᠳᠡᠮᠵᠢᠬᠦ ᠭᠡᠷ ᠲᠡᠭᠡᠨ ᠰᠠᠭᠤᠵᠤ ᠠᠰᠠᠷᠠᠮᠵᠢ ᠭᠦᠷᠳᠡᠭᠦ ᠨᠠᠰᠤᠵᠢᠯ ᠤᠨ | ᠠᠰᠠᠷᠠᠮᠵᠢ ᠶᠢ ᠬᠥᠭᠵᠢᠭᠦᠯᠵᠦ᠂ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ | ᠥᠷᠭᠡᠳᠬᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ | ᠬᠥᠭᠵᠢᠭᠦᠯᠵᠦ᠂ ᠣᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮᠲᠦ ᠵᠠᠰᠠᠯᠲᠠ ᠶᠢ ᠴᠢᠩᠭᠠᠳᠬᠠᠬᠤ ᠬᠡᠷᠡᠭᠲᠡᠢ᠃ | ᠬᠤᠷᠠᠯ ᠠᠴᠠ᠂ ᠤᠬᠠᠮᠰᠠᠷ ᠠᠴᠠ ᠪᠠᠨ ᠪᠠᠶᠢᠳᠠᠯ ᠬᠠᠨᠳᠤᠰᠢ ᠶᠢᠨ ᠲᠤᠬᠠᠢ ᠨᠠᠮ ᠤᠨ ᠲᠥᠪ ᠬᠤᠷᠢᠶ᠎ᠠ ᠶᠢᠨ | ᠰᠢᠨᠵᠢᠯᠡᠬᠦ ᠤᠬᠠᠭᠠᠨᠴᠢ ᠮᠠᠭᠠᠳᠯᠠᠯᠲᠠ ᠪᠠᠷ ᠦᠵᠡᠯ ᠰᠠᠨᠠᠭ᠎ᠠ ᠪᠠᠨ ᠨᠢᠭᠡᠳᠬᠡᠵᠦ᠂ ᠵᠣᠷᠢᠯᠲᠠ ᠪᠠᠨ ᠨᠢᠭᠡᠳᠬᠡᠵᠦ᠂ | ᠦᠢᠯᠡ ᠠᠵᠢᠯᠯᠠᠭ᠎ᠠ ᠪᠠᠨ ᠨᠢᠭᠡᠳᠬᠡᠵᠦ᠂ ᠶᠡᠷᠦᠩᠬᠡᠢ ᠬᠠᠨᠳᠤᠰᠢ ᠶᠢ ᠡᠵᠡᠮᠳᠡᠵᠦ᠂ ᠢᠲᠡᠭᠡᠯ ᠵᠣᠷᠢᠭ ᠢᠶᠠᠨ ᠪᠠᠲᠤᠳᠬᠠᠬᠤ | ᠬᠡᠷᠡᠭᠲᠡᠢ ᠪᠥᠭᠡᠳ ᠪᠠᠰᠠ ᠬᠦᠴᠢᠷᠳᠡᠯ ᠳᠤ ᠵᠥᠪ ᠬᠠᠨᠳᠤᠵᠤ᠂ ᠰᠡᠷᠭᠡᠭ ᠪᠠᠶᠢᠬᠤ ᠬᠡᠷᠡᠭᠲᠡᠢ᠃ ᠢᠷᠡᠬᠦ ᠵᠢᠯ ᠤᠨ ᠠᠵᠤ | ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯᠣᠨ ᠲᠦᠷᠦ ᠶᠢᠨ ᠪᠣᠳᠣᠯᠭ᠎ᠠ ᠶᠢᠨ ᠬᠠᠨᠳᠤᠰᠢ ᠶᠢ ᠪᠦᠭᠦ | ᠲᠠᠯ᠎ᠠ ᠪᠠᠷ ᠲᠤᠭᠤᠰᠢᠯᠠᠭᠤᠯᠵᠤ᠂ ᠬᠠᠷᠠᠯᠲᠠ ᠪᠠᠷ ᠬᠥᠲᠥᠯᠥᠨ ᠳᠠᠭᠠᠭᠤᠯᠬᠤ ᠶᠢ ᠴᠢᠬᠤᠯᠠᠴᠢᠯᠠᠵᠤ᠂ ᠨᠡᠮᠡᠭᠳᠡᠯ | ᠲᠣᠭᠲᠠᠭᠤᠨ᠂ ᠠᠵᠢᠯ ᠣᠯᠭᠤᠯᠲᠠ ᠲᠣᠭᠲᠠᠭᠤᠨ ᠪᠠ ᠪᠠᠷᠠᠭᠠᠨ ᠤ ᠦᠨ᠎ᠡ ᠵᠣᠬᠢᠰᠲᠠᠢ ᠳᠡᠭᠡᠭᠰᠢᠯᠡᠭᠰᠡᠨ | ᠰᠢᠯᠢᠳᠡᠭᠵᠢᠭᠰᠡᠨ ᠶᠡᠷᠦᠩᠬᠡᠢ ᠪᠠᠶᠢᠳᠠᠯ ᠢ ᠬᠦᠴᠦᠯᠡᠨ ᠪᠡᠶᠡᠯᠡᠭᠦᠯᠬᠦ ᠭᠡᠷᠡᠭᠲᠡᠢ︔ ᠲᠥᠷᠥ ᠶᠢᠨ ᠪᠣᠳᠣᠯᠭ᠎ᠠ ᠶᠢᠨ | ᠬᠠᠨᠳᠤᠰᠢ ᠶᠢ ᠡᠵᠡᠮᠳᠡᠵᠦ᠂ ᠴᠠᠭ ᠲᠣᠭᠢᠶᠠᠯ ᠢ ᠠᠮᠵᠢᠬᠤ ᠡᠷᠴᠢᠮ ᠢ ᠡᠷᠬᠢᠮᠯᠡᠵᠦ᠂ ᠡᠯ᠎ᠡ ᠵᠦᠢᠯ ᠤᠨ ᠠᠵᠢᠯ ᠢ | ᠡᠷᠲᠡᠬᠡᠨ ᠰᠢᠭ ᠬᠢᠵᠦ᠂ ᠴᠢᠩᠭ᠎ᠠ ᠪᠥᠭᠡᠳ ᠪᠣᠳᠠᠲᠠᠢ ᠠᠳᠬᠤᠵᠤ᠂ ᠭᠦᠢᠴᠡᠳ ᠡᠷᠴᠢᠮᠲᠡᠢ ᠪᠠᠶᠢᠬᠤ ᠶᠢ ᠪᠠᠲᠤᠯᠠᠬᠤ | ᠭᠡᠷᠡᠭᠲᠡᠶ︔ ᠰᠢᠰᠲ᠋ᠧᠮᠳᠤ ᠰᠡᠳᠬᠢᠬᠦᠢ ᠪᠠᠨ ᠴᠢᠩᠭᠠᠷᠠᠭᠤᠯᠵᠤ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠪᠠ | ᠥᠭᠡᠷᠡᠴᠢᠯᠡᠯᠲᠡ ᠨᠡᠭᠡᠭᠡᠯᠲᠡ ᠶᠢᠨ ᠠᠷᠭ᠎ᠠ ᠬᠡᠮᠵᠢᠶ᠎ᠡ ᠶᠢᠨ ᠵᠣᠬᠢᠴᠠᠯᠳᠤᠨ ᠬᠠᠮᠵᠢᠯᠴᠠᠬᠤ ᠶᠢ ᠴᠢᠬᠤᠯᠠᠴᠢᠯᠠᠨ᠂ | ᠲᠥᠷᠥ ᠶᠢᠨ ᠪᠣᠳᠣᠯᠭ᠎ᠠ ᠶᠢᠨ ᠦᠷ᠎ᠡ ᠨᠥᠯᠥᠭᠡ ᠶᠢ ᠥᠷᠭᠡᠳᠬᠡᠬᠦ ᠬᠡᠷᠡᠭᠲᠡᠢ᠃ ᠵᠠᠩᠭᠢᠯᠠᠭ᠎ᠠ ᠶᠢᠨ ᠭᠤᠭᠴᠤᠭ᠎ᠠ ᠶᠢ | ᠴᠢᠩᠭ᠎ᠠ ᠠᠳᠬᠤᠨ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ | ᠪᠡᠶᠡᠯᠡᠭᠦᠯᠵᠦ᠂ ᠬᠡᠷᠡᠭᠴᠡᠭᠡ ᠬᠦᠷᠦᠯᠴᠡᠬᠦ ᠦᠭᠡᠢ ᠪᠠᠶᠢᠭ᠎ᠠ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠳᠣᠲᠣᠭᠠᠳᠤ | ᠬᠡᠷᠡᠭᠴᠡᠭᠡ ᠢᠯᠠᠩᠭᠤᠶ᠎ᠠ ᠰᠠᠭᠤᠭᠠᠯᠢ ᠠᠷᠠᠳ ᠤᠨ ᠬᠡᠷᠡᠭᠯᠡᠭᠡᠨ ᠤ ᠬᠡᠷᠡᠭᠴᠡᠭᠡ ᠶᠢ ᠬᠦᠴᠦᠯᠡᠨ ᠬᠥᠭᠵᠢᠭᠡᠬᠦ ᠭᠡᠷᠡᠭᠲᠡᠢ︔ | ᠭᠦᠭᠵᠢᠯᠲᠡ ᠶᠢ ᠬᠦᠯᠢᠶᠡᠰᠦᠯᠡᠵᠦ ᠪᠠᠶᠢᠭ᠎ᠠ ᠭᠦᠨ ᠳᠡᠰ ᠳᠠᠪᠬᠤᠷᠭ᠎ᠠ ᠶᠢᠨ ᠬᠠᠷᠰᠢ ᠰᠠᠭᠠᠳ ᠪᠣᠯᠣᠨ ᠭᠠᠳᠠᠭᠠᠳᠤ | ᠥᠷᠢᠰᠦᠯᠳᠦᠭᠡᠨ ᠳᠤ ᠴᠢᠭᠯᠡᠭᠦᠯᠦᠨ᠂ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠪᠠᠷ ᠭᠦᠨᠵᠡᠭᠡᠶᠢᠷᠡᠭᠦᠯᠦᠨ | ᠨᠡᠭᠡᠭᠡᠯᠲᠡ ᠶᠢ ᠥᠷᠭᠡᠳᠬᠡᠬᠦ ᠭᠡᠷᠡᠭᠳᠡᠢ︔ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ | ᠪᠣᠭᠤᠮᠢ ᠶᠢᠨ ᠬᠢᠵᠠᠭᠠᠷᠯᠠᠯ ᠳᠤ ᠴᠢᠭᠯᠡᠭᠦᠯᠦᠨ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠲᠣᠭᠲᠠᠭᠤᠨ ᠢᠶᠠᠷ | ᠵᠠᠯᠭᠠᠯᠳᠤᠨ ᠰᠣᠯᠢᠭᠳᠠᠬᠤ ᠶᠢ ᠠᠬᠢᠭᠤᠯᠬᠤ ᠭᠡᠷᠡᠭᠳᠡᠢ︔ ᠠᠵᠤ ᠠᠬᠤᠶᠢᠯᠠᠯ ᠤᠨ ᠡᠵᠡᠩᠨᠡᠯᠲᠡ ᠳᠠᠬᠢ ᠠᠩᠬᠠᠷᠤᠯ | ᠲᠠᠯᠪᠢᠵᠤ ᠪᠠᠶᠢᠭ᠎ᠠ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ ᠬᠢᠨᠠᠯᠲᠠ | ᠬᠠᠮᠢᠶᠠᠷᠤᠯᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠭᠡᠷᠡᠭᠳᠡᠢ︔ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ | ᠲᠦᠭᠰᠢᠭᠦᠷᠢ ᠭᠡᠮ ᠰᠣᠭᠤᠭ ᠲᠤ ᠴᠢᠭᠯᠡᠭᠦᠯᠦᠨ᠂ ᠠᠶᠤᠯ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠦᠷᠭᠦᠯᠵᠢᠯᠡᠨ | ᠬᠦᠴᠦᠯᠡᠨ ᠠᠬᠢᠭᠤᠯᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠠᠳᠬᠤᠬᠤ ᠦᠷ᠎ᠡ ᠪᠦᠲᠦᠮᠵᠢ ᠶᠢ ᠶᠡᠭᠡ ᠪᠠᠷ | ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ | ᠳᠠᠶᠢᠴᠢᠯᠠᠵᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠠᠮᠲᠤᠷᠠᠯ ᠬᠦᠴᠦᠨ ᠢ ᠨᠠᠩ ᠰᠠᠶᠢᠲᠤᠷ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠬᠤᠷᠠᠯ ᠠᠴᠠ᠂ ᠠᠵᠤ ᠠᠬᠤᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ | ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠢᠲᠡᠭᠡᠯ ᠵᠣᠷᠢᠭ ᠢᠶᠠᠨ ᠬᠥᠪᠴᠢᠯᠡᠵᠦ᠂ ᠬᠦᠴᠢᠷ ᠢ | ᠰᠥᠷᠦᠨ ᠤᠷᠤᠭᠰᠢᠯᠠᠵᠤ᠂ ᠴᠢᠷᠮᠠᠶᠢᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠵᠤ᠂ ᠨᠠᠮ ᠤᠨ ᠲᠥᠪ ᠬᠤᠷᠢᠶ᠎ᠠ ᠶᠢᠨ | ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠪᠠᠲᠤᠯᠠᠬᠤ ᠬᠡᠷᠡᠭᠲᠡᠢ᠃ ᠵᠥᠪ ᠲᠠᠯ᠎ᠠ ᠠᠴᠠ ᠵᠣᠷᠢᠭᠵᠢᠭᠤᠯᠬᠤ ᠶᠢ ᠴᠢᠩᠭᠠᠳᠬᠠᠵᠤ᠂ ᠠᠵᠢᠯ ᠬᠢᠵᠦ ᠦᠢᠯᠡᠰ ᠪᠣᠰᠬᠠᠬᠤ | ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ᠃ ᠦᠨᠳᠦᠰᠦᠨ ᠱᠠᠲᠤᠨ ᠤ ᠬᠦᠯᠢᠶᠡᠰᠦ ᠶᠢ ᠦᠨᠡᠨ ᠬᠦ | ᠰᠤᠯᠠᠯᠠᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠠᠵᠢᠯ ᠬᠢᠬᠦ ᠰᠠᠨᠠᠭ᠎ᠠ ᠲᠠᠢ᠂ ᠠᠵᠢᠯ ᠬᠢᠵᠦ ᠴᠢᠳᠠᠬᠤ ᠺᠠᠳ᠋ᠷ ᠢ | ᠠᠵᠢᠯ ᠬᠢᠵᠦ ᠴᠢᠳᠠᠬᠤ᠂ ᠠᠵᠢᠯ ᠪᠦᠲᠦᠭᠡᠵᠦ ᠳᠡᠶᠢᠯᠭᠦ ᠪᠤᠯᠭᠠᠬᠤ ᠬᠡᠷᠡᠭᠲᠡᠢ᠃ ᠢᠯᠵᠢᠷᠡᠯ ᠢ ᠡᠷᠡᠰ ᠭᠤᠶᠢᠪᠢᠰᠢ | ᠦᠭᠡᠢ ᠪᠠᠷ ᠵᠠᠯᠬᠠᠭᠠᠨ ᠰᠢᠢᠳᠬᠡᠵᠦ᠂ ᠡᠷᠬᠡ ᠲᠡᠭᠰᠢ ᠲᠥᠪ ᠭᠤᠣᠯᠴᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ᠂ | ᠣᠪᠣᠷ ᠰᠤᠷᠲᠠᠯ ᠲᠥᠪ ᠴᠢᠬᠡᠴᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠠᠲᠤᠯᠠᠬᠤ ᠬᠡᠷᠡᠭᠲᠡᠢ᠃ ᠦᠨᠡᠨ ᠢ | ᠪᠠᠷᠢᠮᠲᠠᠯᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠳᠡᠭᠡᠷ᠎ᠡ ᠱᠠᠲᠤᠨ ᠳᠤ ᠬᠢᠵᠦ ᠦᠵᠡᠭᠦᠯᠭᠦ ᠳᠤᠷ᠎ᠠ ᠲᠠᠢ᠂ | ᠳᠣᠣᠷ᠎ᠠ ᠱᠠᠲᠤᠨ ᠳᠠᠭᠠᠨ ᠬᠠᠷᠢᠭᠤᠴᠠᠬᠤ ᠦᠭᠡᠢ᠂ ᠪᠣᠳᠠᠲᠤ ᠦᠷ᠎ᠡ ᠪᠦᠲᠦᠮᠵᠢ ᠶᠢ ᠪᠣᠳᠣᠯᠬᠢᠯᠠᠬᠤ ᠦᠭᠡᠢ ᠬᠡᠯᠪᠡᠷᠢᠴᠢ | ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠬᠦ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠦᠨ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠨᠡᠶᠢᠭᠡᠮ ᠤᠨ ᠠᠮᠤᠷ ᠲᠦᠪᠰᠢᠨ ᠤ | ᠬᠡᠷᠡᠭ ᠢ ᠪᠦᠲᠦᠮᠵᠢᠲᠡᠢ ᠪᠠᠷ ᠰᠡᠷᠭᠡᠶᠢᠯᠡᠨ ᠴᠠᠭ ᠲᠤᠬᠠᠢ ᠳᠤᠨᠢ ᠠᠷᠭᠠᠴᠠᠭᠠᠬᠤ ᠬᠡᠷᠡᠭᠲᠡᠢ᠃ ᠬᠠᠮᠵᠢᠯᠴᠠᠨ | ᠬᠥᠳᠡᠯᠦᠯᠴᠡᠬᠦ ᠶᠢ ᠴᠢᠩᠭᠠᠳᠬᠠᠵᠤ᠂ ᠥᠪᠡᠷᠮᠡᠲᠡᠭᠡᠢ ᠦᠵᠡᠯ ᠢ ᠡᠰᠡᠷᠭᠦᠴᠡᠵᠦ᠂ ᠨᠠᠶᠢᠳᠠᠪᠤᠷᠢᠵᠢᠭᠤᠯᠤᠯᠲᠠ ᠶᠢ | ᠠᠳᠬᠤᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠵᠢᠱᠢᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠ ᠵᠢᠱᠢᠯᠲᠡ ᠶᠢ ᠬᠥᠲᠥᠯᠥᠨ ᠵᠢᠯᠤᠭᠤᠳᠬᠤ ᠶᠢ ᠬᠠᠮᠵᠢᠯᠴᠠᠨ ᠠᠬᠢᠭᠤᠯᠵᠤ᠂ | ᠲᠥᠷᠥ ᠶᠢᠨ ᠪᠣᠳᠣᠯᠭ᠎ᠠ ᠶᠢᠨ ᠬᠥᠲᠥᠯᠥᠨ ᠵᠢᠯᠤᠭᠤᠳᠬᠤ ᠬᠦᠴᠦᠨ᠂ ᠨᠥᠯᠥᠭᠡᠯᠡᠬᠦ ᠬᠦᠴᠦᠨ ᠢ ᠳᠡᠭᠡᠭᠰᠢᠯᠡᠭᠦᠯᠭᠦ | ᠬᠡᠷᠡᠭᠲᠡᠢ᠃ ᠡᠭᠦᠨ ᠤ ᠬᠠᠮᠲᠤ᠂ ᠳᠡᠯᠡᠬᠡᠢ ᠶᠢᠨ ᠪᠠᠶᠢᠳᠠᠯ ᠤᠯᠤᠰ ᠤᠨ ᠪᠠᠶᠢᠳᠠᠯ ᠨᠠᠮ ᠤᠨ ᠪᠠᠶᠢᠳᠠᠯ ᠨᠡᠶᠢᠭᠡᠮ ᠤᠨ | ᠪᠠᠶᠢᠳᠠᠯ ᠢ ᠣᠨᠣᠪᠴᠢᠲᠠᠢ ᠡᠵᠡᠮᠳᠡᠵᠦ᠂ ᠪᠠᠶᠢᠯᠳᠤᠬᠤ ᠪᠣᠳᠣᠯᠭ᠎ᠠ ᠶᠢᠨ ᠤᠬᠠᠭᠠᠯᠠᠨ ᠲᠥᠯᠥᠪᠯᠡᠬᠦ ᠪᠠᠨ ᠴᠢᠩᠭᠠᠳᠬᠠᠨ᠂ | ᠲᠥᠪ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠠᠨᠠᠭᠤᠯᠭ᠎ᠠ ᠶᠢ ᠰᠠᠶᠢᠲᠤᠷ | ᠲᠣᠭᠲᠠᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠣᠨ ᠤ ᠡᠴᠦᠰ ᠵᠢᠯ ᠤᠨ ᠡᠬᠢᠨ ᠤ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠣᠨ ᠠᠮᠤᠷ | ᠲᠦᠪᠰᠢᠨ ᠲᠣᠭᠲᠠᠭᠤᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠡᠯ᠎ᠡ ᠲᠦᠷᠦᠯ ᠤᠨ ᠵᠥᠷᠢᠴᠡᠯ | ᠵᠠᠭᠤᠷᠠᠯᠳᠤᠭᠠᠨ ᠪᠣᠯᠣᠨ ᠠᠶᠤᠯ ᠲᠦᠭᠰᠢᠭᠦᠷᠢ ᠭᠡᠮ ᠰᠣᠭᠤᠭ ᠢ ᠭᠦᠨᠵᠡᠭᠡᠢ ᠪᠠᠶᠢᠴᠠᠭᠠᠨ ᠰᠢᠢᠳᠪᠦᠷᠢᠯᠡᠵᠦ᠂ | ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠪᠦᠭᠦ ᠨᠠᠮ ᠪᠦᠭᠦ ᠤᠯᠤᠰ ᠪᠦᠭᠦ ᠨᠡᠶᠢᠭᠡᠮ ᠢᠶᠠᠷ ᠢᠶᠠᠨ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠷᠠᠯ ᠤᠨ ᠡᠯ᠎ᠡ | ᠵᠦᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠠᠷᠠᠯᠲᠠ ᠡᠭᠦᠷᠭᠡ ᠶᠢ ᠪᠦᠭᠦ ᠲᠠᠯ᠎ᠠ ᠪᠠᠷ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ | ᠪᠣᠳᠠᠲᠤ ᠦᠷ᠎ᠡ ᠪᠦᠲᠦᠮᠵᠢ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠰᠤᠭᠠᠢ ᠭᠡᠵᠦ ᠤᠷᠢᠶᠠᠯᠠᠪᠠ᠃ | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ | ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ | ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠭᠡᠰᠢᠭᠦᠨ ᠵᠡᠷᠭᠡ ᠬᠥᠮᠥᠰ ᠬᠤᠷᠠᠯ ᠳᠤ ᠣᠷᠣᠯᠴᠠᠪᠠ᠃ | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠲᠤᠰᠠᠭᠠᠷ ᠲᠥᠯᠥᠪᠯᠡᠭᠡᠲᠦ | ᠬᠤᠳᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ ᠲᠥᠪ ᠠᠴᠠ ᠬᠠᠮᠢᠶᠠᠷᠴᠤ ᠪᠠᠶᠢᠭ᠎ᠠ ᠬᠡᠰᠡᠭ ᠮᠥᠩᠭᠦᠨ | ᠭᠦᠢᠯᠭᠡᠭᠡᠨ ᠤ ᠪᠠᠶᠢᠭᠤᠯᠤᠮᠵᠢ ᠪᠣᠯᠣᠨ ᠠᠵᠤ ᠠᠬᠤᠶᠢᠯᠠᠯ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ | |