ᠬᠤᠸᠠᠳᠧ ᠰᠢᠶᠠᠨ ᠤ ᠤᠯᠤᠰ ᠲᠥᠷᠥ ᠶᠢᠨ ᠵᠥᠪᠯᠡᠯᠭᠡᠨ ︽ᠲᠣᠰᠬᠤᠨ ᠤ ᠳᠦᠷᠢᠮ ᠠᠷᠠᠳ ᠤᠨ ᠭᠡᠷ᠎ᠡ ᠶᠢᠨ ᠪᠠᠶᠢᠭᠤᠯᠤᠯᠲᠠ ᠶᠢ ᠴᠢᠩᠭᠠᠳᠬᠠᠵᠤ ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ︾ ᠲᠤᠰᠬᠠᠶ ᠰᠡᠳᠦᠪᠲᠦ ᠵᠥᠪᠳᠡᠯᠴᠡᠨ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/16
       ᠨᠡᠶᠢᠭᠡᠮ ᠤᠨ ᠠᠵᠢᠯ ᠤᠨ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠬᠦ ᠶᠢ ᠠᠬᠢᠭᠤᠯᠬᠤ ᠶᠢᠨ ᠲᠥᠯᠥᠭᠡ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠬᠠᠶᠢᠨ ᠰᠦᠪᠡᠭᠴᠢᠯᠡᠬᠦ ᠶᠢᠨ ᠲᠦᠯᠦᠬᠡ᠂ 12 ᠰᠠᠷ᠎ᠠ ᠶᠢᠨ 11 ᠤ ᠡᠳᠦᠷ ᠠᠴᠠ 12 ᠤᠨ ᠡᠳᠦᠷ ᠪᠣᠯᠲᠠᠯ᠎ᠠ᠂ ᠬᠤᠸᠠᠳᠧ ᠰᠢᠶᠠᠨ ᠤ ᠤᠯᠤᠰ ᠲᠥᠷᠥ ᠶᠢᠨ ᠵᠥᠪᠯᠡᠯᠭᠡᠨ ︽ᠲᠣᠰᠬᠤᠨ ᠤ ᠲᠦᠷᠢᠮ ᠠᠷᠠᠳ ᠤᠨ ᠭᠡᠷ᠎ᠡ ᠶᠢᠨ ᠪᠠᠶᠢᠭᠤᠯᠤᠯᠲᠠ ᠶᠢ ᠴᠢᠩᠭᠠᠳᠬᠠᠵᠤ ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ︾ ᠲᠣᠭᠤᠷᠢᠨ ᠳᠤ ᠲᠤᠰᠬᠠᠶ ᠰᠡᠳᠦᠪᠲᠦ ᠵᠥᠪᠯᠡᠯᠭᠡ ᠬᠢᠵᠦ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠳᠣᠯᠣᠳᠤᠭᠠᠷ ᠪᠠᠯᠭᠠᠰᠤ᠂ ᠳᠡᠪᠡᠭᠡᠲᠤ ᠰᠢᠶᠠᠩ᠂ ᠪᠠᠶᠠᠨᠲᠠᠯ᠎ᠠ ᠰᠢᠶᠠᠩ ᠵᠡᠷᠭᠡ ᠪᠦᠬᠦ ᠰᠢᠶᠠᠨ ᠤ 6 ᠰᠢᠶᠠᠩ ᠪᠠᠯᠭᠠᠰᠤᠨ ᠤ 12 ᠵᠠᠰᠠᠭ ᠵᠠᠬᠢᠷᠭᠠᠨ ᠤ ᠲᠣᠰᠬᠤᠨ ᠳᠤ ᠬᠦᠷᠴᠦ᠂ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ ᠵᠢᠴᠢ ᠬᠡᠰᠡᠭ ᠤᠯᠠᠨ ᠲᠦᠮᠡᠨ ᠤ ᠲᠥᠯᠥᠭᠡᠯᠡᠭᠴᠢ ᠲᠠᠢ ᠭᠦᠨᠵᠡᠭᠡᠢ ᠰᠣᠯᠢᠯᠴᠠᠨ ᠶᠠᠷᠢᠯᠴᠠᠵᠤ᠂ ᠲᠣᠰᠬᠤᠨ ᠨᠢᠭᠡᠪᠦᠷᠢ ᠶᠢᠨ ᠲᠣᠰᠬᠤᠨ ᠤ ᠲᠦᠷᠢᠮ ᠠᠷᠠᠳ ᠤᠨ ᠭᠡᠷ᠎ᠡ ᠶᠢᠨ ᠪᠠᠶᠢᠭᠤᠯᠤᠯᠲᠠ ᠳᠤᠮᠳᠠᠬᠢ ᠵᠠᠰᠠᠯᠲᠠ ᠶᠢᠨ ᠲᠤᠷᠰᠢᠯᠭ᠎ᠠ ᠵᠢᠴᠢ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠨᠠᠷᠢᠨ ᠣᠶᠢᠯᠠᠭᠠᠬᠤ ᠶᠢᠨ ᠬᠠᠮᠲᠤ ᠲᠤᠰ ᠠᠵᠢᠯ ᠢ ᠠᠬᠢᠭᠤᠯᠬᠤ ᠰᠠᠨᠠᠯ ᠰᠠᠨᠠᠭᠤᠯᠭ᠎ᠠ ᠶᠢ ᠬᠤᠷᠢᠶᠠᠪᠠ᠃    ᠡᠯ᠎ᠡ ᠲᠣᠰᠬᠤᠨ ᠤ ᠲᠦᠷᠢᠮ ᠠᠷᠠᠳ ᠤᠨ ᠭᠡᠷ᠎ᠡ ᠶᠢᠨ ᠪᠠᠶᠢᠭᠤᠯᠤᠯᠲᠠ ᠶᠢᠨ ᠠᠵᠢᠯ ᠤᠨ ᠣᠳᠣᠬᠢ ᠪᠠᠶᠢᠳᠠᠯ ᠢ ᠭᠦᠢᠴᠡᠳ ᠣᠶᠢᠯᠠᠭᠠᠭᠰᠠᠨ ᠤ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠲᠣᠰᠬᠤᠨ ᠤ ᠲᠦᠷᠢᠮ ᠠᠷᠠᠳ ᠤᠨ ᠭᠡᠷ᠎ᠡ ᠨᠢ ᠲᠣᠰᠬᠤᠨ ᠤ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠳᠤᠮᠳᠠ ᠰᠠᠶᠢᠨ ᠳᠤᠷ᠎ᠠ ᠠᠴᠠ ᠪᠠᠨ ᠲᠣᠭᠲᠠᠭᠠᠬᠤ᠂ ᠬᠠᠮᠲᠤ ᠪᠠᠷ ᠵᠢᠷᠤᠮᠯᠠᠬᠤ ᠪᠠᠷᠢᠮᠵᠢᠶ᠎ᠠ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠤ ᠵᠠᠰᠠᠯᠲᠠ ᠳᠤ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠂ ᠡᠯ᠎ᠡ ᠲᠣᠰᠬᠤᠨ ᠤ ᠬᠢᠨ ᠲᠣᠰᠬᠤᠨ ᠤ ᠲᠦᠷᠢᠮ ᠠᠷᠠᠳ ᠤᠨ ᠭᠡᠷ᠎ᠡ ᠶᠢ ᠬᠥᠳᠡᠭᠡ ᠲᠣᠰᠬᠤᠨ ᠤ ᠠᠷᠠᠳᠴᠢᠯᠠᠯ ᠢ ᠢᠳᠡᠪᠬᠢᠲᠡᠢ ᠬᠥᠭᠵᠢᠭᠦᠯᠬᠦ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠦᠨᠳᠦᠷᠴᠡ ᠳᠤ ᠬᠦᠷᠲᠡᠯ᠎ᠡ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠤᠯᠠᠨ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠬᠤ᠂ ᠲᠣᠰᠬᠤᠨ ᠤ ︽ᠬᠤᠶᠠᠷ ᠵᠥᠪᠯᠡᠯ︾ ᠢ ᠬᠦᠳᠦᠯᠦᠨ ᠳᠠᠭᠠᠭᠤᠯᠵᠤ ᠠᠬᠢᠭᠤᠯᠬᠤ ᠶᠢ ᠪᠠᠷᠢᠮᠲᠠᠯᠠᠬᠤ᠂ ᠬᠠᠤᠯᠢᠵᠢᠯ ᠤᠨ ᠪᠠᠲᠤᠯᠠᠭ᠎ᠠ ᠶᠢ ᠪᠠᠷᠢᠮᠲᠠᠯᠠᠬᠤ᠂ ᠲᠣᠰᠬᠤᠨ ᠤ ᠲᠦᠷᠢᠮ ᠠᠷᠠᠳ ᠤᠨ ᠭᠡᠷ᠎ᠡ ᠶᠢ ᠵᠢᠷᠤᠮᠵᠢᠭᠤᠯᠤᠨ ᠲᠡᠭᠦᠯᠳᠡᠷᠵᠢᠭᠦᠯᠬᠦ ᠶᠢ ᠪᠠᠷᠢᠮᠲᠠᠯᠠᠵᠤ᠂ ᠲᠡᠭᠦᠨ ᠢ ᠡᠯ᠎ᠡ ᠵᠦᠢᠯ ᠤᠨ ᠠᠵᠢᠯ ᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2