| | ᠯᠢᠶᠠᠩᠴᠧᠩ ᠤᠨ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠸᠠᠩ ᠵᠢᠶᠦ᠋ᠨ ᠫᠢᠩ | ᠰᠡᠭᠦᠳᠡᠷᠯᠡᠪᠡ | | | | ᠤᠯᠠᠭᠠᠨᠬᠠᠳᠠ ᠭᠠᠯᠲᠤ ᠠᠭᠤᠯᠠ ᠵᠠᠩ ᠰᠢᠶᠤᠤ ᠫᠧᠩ ᠰᠡᠭᠦᠳᠡᠷᠯᠡᠪᠡ | | | | | | ᠤᠯᠠᠭᠠᠨᠴᠠᠪ ᠤᠨ ᠿᠢ ᠭᠤᠸᠠᠩ ᠭᠠᠯᠲᠤ ᠠᠭᠤᠯᠠ ᠳ᠋ᠠ ᠾᠧ ᠸᠠᠨ ᠴᠠᠰᠤᠨ ᠳᠤ ᠭᠤᠯᠭᠤᠬᠤ ᠠᠮᠠᠷᠠᠯᠲᠠ ᠶᠢᠨ | ᠣᠷᠣᠨ ᠯᠢᠦ ᡁᠢ ᠱᠤᠸᠠᠢ ᠰᠡᠭᠦᠳᠡᠷᠯᠡᠪᠡ | | | | ᠳᠠᠭ᠎ᠠ ᠶᠢᠨ ᠨᠠᠭᠤᠷ ᠤᠨ ᠬᠠᠭᠠᠨ ᠤ ᠬᠦᠰᠭᠡ ᠭᠡᠷᠳᠦ ᠳᠡᠷᠬᠡ ᠶᠢᠨ ᠰᠠᠭᠤᠷᠢᠨ ᠭᠠᠵᠠᠷ ᠵᠠᠩ ᠰᠢᠶᠤᠤ | ᠫᠧᠩ ᠰᠡᠭᠦᠳᠡᠷᠯᠡᠪᠡ | ︽ᠡᠳᠦᠷ ᠲᠤ ᠪᠠᠨ ᠴᠠᠰᠤ ᠭᠤᠯᠭᠤᠵᠤ ᠣᠷᠣᠢ ᠳᠤ ᠪᠠᠨ ᠬᠠᠯᠠᠭᠤᠨ ᠷᠠᠰᠢᠶᠠᠨ ᠳᠤ ᠤᠷᠤᠵᠤ᠂ ᠦᠨᠡᠬᠡᠷ | ᠲᠠᠭᠠᠯᠠᠮᠵᠢ ᠲᠠᠢ ᠪᠠᠶᠢᠨ᠎ᠠ︾᠃ ᠤᠶᠢᠷ᠎ᠡ ᠳᠤ᠂ ᠤᠯᠠᠭᠠᠨᠴᠠᠪ ᠬᠤᠲᠠ ᠡᠪᠦᠯ ᠤᠨ ᠤᠯᠠᠷᠢᠯ ᠤᠨ ᠵᠢᠭᠤᠯᠴᠢᠯᠠᠯ ᠤᠨ | ᠰᠣᠳᠣᠨ ᠵᠠᠮ ᠱᠤᠭᠤᠮ ᠭᠠᠷᠭᠠᠬᠤ ᠶᠢ ᠳᠠᠭᠠᠯᠳᠤᠨ᠂ ᠴᠥᠭᠡᠨ ᠪᠤᠰᠤ ᠵᠤᠭᠠᠴᠠᠭᠰᠠᠳ ᠵᠠᠯᠭᠠᠭ᠎ᠠ ᠪᠠᠷ ᠬᠦᠷᠴᠦ ᠢᠷᠡᠪᠡ᠃ | | ᠣᠶᠢᠷ᠎ᠠ ᠶᠢᠨ ᠵᠢᠯ ᠤᠳ ᠲᠤ᠂ ᠤᠯᠠᠭᠠᠨᠴᠠᠪ ᠬᠤᠲᠠ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ᠂ | ᠠᠭᠤᠷ ᠠᠮᠢᠰᠬᠤᠯ ᠤᠨ ᠨᠥᠬᠦᠴᠡᠯ ᠪᠠ ᠬᠦᠴᠦᠷᠬᠡᠭ ᠶᠡᠭᠡ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠬᠥᠭᠵᠢᠯᠲᠡ ᠶᠢᠨ ᠬᠠᠨᠳᠤᠰᠢ ᠳᠤ ᠲᠦᠰᠢᠭᠯᠡᠨ᠂ ᠮᠥᠰᠥ ᠴᠠᠰᠤᠨ ᠤ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ | ᠮᠥᠰᠥ ᠴᠠᠰᠤᠨ ᠤ ᠠᠵᠤ ᠠᠬᠤᠶ ᠶᠢ ᠪᠥᠬᠦ ᠬᠤᠲᠠ ᠶᠢᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ | ᠭᠤᠤᠯᠳᠠᠯᠭ᠎ᠠ ᠲᠠᠢ ᠬᠡᠰᠡᠭ ᠪᠣᠯᠭᠠᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠰᠢᠨ᠎ᠡ ᠵᠠᠭᠪᠤᠷ ᠢ | ᠪᠦᠷᠢᠯᠳᠦᠭᠦᠯᠪᠡ᠃ ᠲᠣᠰ ᠤᠳᠠᠭ᠎ᠠ ᠭᠠᠷᠭᠠᠭᠰᠠᠨ ᠵᠢᠭᠤᠯᠴᠢᠯᠠᠯ ᠤᠨ ᠱᠤᠭᠤᠮ ᠨᠢ ᠡᠯᠪᠡᠭ ᠪᠠᠶᠠᠯᠢᠭ ᠮᠥᠰᠥ | ᠴᠠᠰᠤᠨ ᠤ ᠡᠬᠢ ᠪᠠᠶᠠᠯᠢᠭ᠂ ᠰᠦᠷᠯᠢᠭ ᠰᠠᠶᠢᠬᠠᠨ ᠭᠠᠵᠠᠷ ᠰᠢᠨᠵᠢᠯᠡᠭᠡᠨ ᠤ ᠦᠵᠡᠮᠵᠢ ᠲᠠᠢ ᠮᠥᠷᠲᠡᠭᠡᠨ ᠪᠠᠰᠠ ᠵᠢᠩᠬᠢᠨᠢ | ᠤᠨᠴᠠᠯᠢᠬᠳᠤ ᠠᠮᠲᠠᠲᠤ ᠢᠳᠡᠭᠡᠨ᠂ ᠭᠦᠨ ᠵᠤᠵᠠᠭᠠᠨ ᠠᠷᠠᠳ ᠤᠨ ᠵᠠᠩ ᠦᠢᠯᠡ ᠶᠢᠨ ᠲᠡᠦᠬᠡ ᠰᠣᠶᠣᠯ ᠲᠠᠢ ᠪᠠᠶᠢᠵᠤ᠂ | ᠵᠤᠭᠠᠴᠠᠭᠰᠠᠳ ᠲᠤ ᠨᠢᠭᠡ ᠤᠳᠠᠭᠠᠨ ᠤ ᠮᠠᠷᠲᠠᠭᠳᠠᠰᠢ ᠦᠭᠡᠢ ᠡᠪᠦᠯ ᠤᠨ ᠡᠳᠦᠷ ᠤᠨ ᠠᠶᠠᠯᠠᠯ ᠤᠨ ᠥᠩᠭᠡᠷᠡᠯᠲᠡ | ᠠᠪᠴᠢᠷᠠᠵᠤ ᠦᠭᠬᠦᠨ᠎ᠡ᠃ | ᠵᠣᠬᠢᠶᠠᠭᠴᠢ᠄ ᠵᠦ ᠰᠢᠤᠢ ᠮᠢᠨ ᠯᠢᠦ ᠵᠢᠶᠠ ᠰᠢᠨ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |