| ᠰᠢᠨᠬᠤᠸᠠ ᠬᠤᠷᠢᠶᠠᠨ ᠤ ᠪᠡᠭᠡᠵᠢᠩ ᠤᠨ 12 ᠳ᠋ᠤᠭᠠᠷ ᠰᠠᠷ᠎ᠠ ᠶᠢᠨ 16 ᠤ ᠴᠠᠬᠢᠯᠭᠠᠨ ᠮᠡᠳᠡᠭᠡ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 12 ᠳ᠋ᠤᠭᠠᠷ ᠰᠠᠷ᠎ᠠ ᠶᠢᠨ 16 ᠤ ᠡᠳᠦᠷ ᠲᠦᠷᠦ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ | ᠲᠣᠬᠢᠷᠠᠭᠤᠯᠤᠯᠲᠠ ᠬᠢᠵᠡᠢ᠃ ᠬᠤᠷᠠᠯ ᠢᠶᠠᠷ᠂ ᠦᠵᠡᠯ ᠰᠠᠨᠠᠭ᠎ᠠ ᠬᠢᠭᠡᠳ ᠦᠢᠯᠡ ᠠᠵᠢᠯᠯᠠᠭ᠎ᠠ ᠪᠠᠨ ᠨᠠᠮ ᠤᠨ ᠲᠥᠪ | ᠬᠤᠷᠢᠶᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠢᠷᠡᠬᠦ ᠵᠢᠯ ᠤᠨ | ᠠᠵᠤ ᠠᠬᠤᠢ ᠶᠢᠨ ᠠᠵᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠯᠤᠭ᠎ᠠ ᠨᠢᠭᠡᠳᠬᠡᠨ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠ | ᠰᠠᠨᠠᠭᠠᠴᠢᠯᠠᠭᠠᠲᠤ ᠴᠢᠨᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶᠠᠨ ᠤ | ᠰᠠᠯᠠᠭ᠎ᠠ ᠮᠥᠴᠢᠷ ᠤᠳ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠡᠯ᠎ᠡ ᠵᠦᠢᠯ ᠤᠨ ᠪᠠᠶᠢᠷᠢᠯᠠᠭᠤᠯᠤᠯᠲᠠ | ᠶᠣᠰᠣᠭᠠᠷ᠂ ᠪᠦᠬᠦ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠂ | ᠨᠠᠶᠢᠳᠠᠪᠤᠷᠢᠵᠢᠭᠤᠯᠬᠤ ᠲᠥᠰᠥᠯ ᠲᠣᠭᠲᠠᠭᠠᠵᠤ᠂ ᠪᠣᠳᠠᠲᠠᠢ ᠡᠭᠦᠷᠭᠡ ᠶᠢᠨ ᠪᠢᠴᠢᠭ᠂ ᠴᠠᠭ ᠤᠨ ᠬᠦᠰᠦᠨᠦᠭᠲᠦ᠂ | ᠠᠵᠢᠯ ᠤᠨ ᠵᠢᠷᠤᠭ ᠢ ᠪᠦᠷᠢᠯᠳᠦᠭᠦᠯᠵᠦ᠂ ᠡᠯ᠎ᠡ ᠵᠦᠢᠯ ᠤᠨ ᠠᠵᠢᠯ ᠢᠶᠠᠨ ᠬᠦᠴᠦᠲᠡᠢ ᠪᠥᠭᠡᠳ ᠡᠮᠬᠢ ᠵᠢᠷᠤᠮ ᠲᠠᠢ | ᠠᠬᠢᠭᠤᠯᠬᠤ ᠶᠢ ᠪᠠᠲᠤᠯᠠᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠤᠷᠢᠳ ᠢᠶᠠᠷ ᠰᠠᠶᠢᠲᠤᠷ ᠠᠳᠬᠤᠵᠤ᠂ | ᠡᠷᠲᠡᠯᠡᠵᠦ ᠪᠣᠯᠪᠠᠰᠤ ᠡᠷᠲᠡᠯᠡᠨ᠂ ᠡᠷᠲᠡᠯᠡᠬᠦ ᠠᠴᠠ ᠪᠢᠰᠢ ᠣᠷᠦ᠋ᠢᠲᠠᠭᠤᠯᠬᠤ ᠦᠭᠡᠢ ᠪᠠᠶᠢᠵᠤ᠂ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ᠂ ᠢᠳᠡᠪᠬᠢᠲᠡᠢ ᠪᠠᠷ ᠠᠵᠢᠯᠯᠠᠨ᠂ ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠢ | ᠠᠵᠢᠯ ᠢᠶᠠᠷ ᠢᠶᠠᠨ ᠪᠦᠬᠦ ᠲᠠᠯ᠎ᠠ ᠳᠤ ᠢᠯᠡᠭᠦᠬᠡᠨ ᠬᠤᠪᠢ ᠨᠡᠮᠡᠷᠢ ᠭᠠᠷᠭᠠᠬᠤ ᠬᠡᠷᠡᠭᠲᠡᠢ ᠬᠡᠮᠡᠨ ᠴᠢᠩᠭᠠᠳᠬᠠᠪᠠ᠃ | ᠬᠤᠷᠠᠯ ᠢᠶᠠᠷ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢᠨ | ᠬᠠᠮᠢᠶᠠᠷᠤᠯᠲᠠ ᠶᠢᠨ ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠲᠠᠯ᠎ᠠ ᠳᠤ ᠪᠠᠶᠢᠷᠢᠯᠠᠭᠤᠯᠤᠯᠲᠠ ᠬᠢᠭᠰᠡᠨ | ᠮᠥᠷᠲᠡᠭᠡᠨ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢᠨ ᠣᠷᠣᠭᠤᠯᠤᠯᠲᠠ | ᠬᠢᠬᠦ ᠬᠦᠷᠢᠶᠡᠨ ᠳᠤ ︽ᠨᠠᠵᠠᠭᠠᠢ ᠲᠠᠯ᠎ᠠ ᠶᠢᠨ ᠨᠠᠷᠢᠨ ᠲᠠᠩᠰᠠ︾ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠭᠠᠵᠠᠷ | ᠰᠢᠷᠣᠢ ᠶᠢᠨ ᠨᠥᠭᠡᠴᠡᠯᠡᠯ ᠳᠤ ᠬᠡᠷᠡᠭᠯᠡᠬᠦ᠂ ᠦᠯᠡᠳᠡᠭᠳᠡᠯ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠴᠤ | ᠪᠠᠲᠤᠯᠠᠪᠤᠷᠢ ᠶᠢᠨ ᠴᠢᠨᠠᠷᠲᠠᠢ ᠣᠷᠣᠨ ᠰᠠᠭᠤᠴᠠ ᠪᠣᠯᠭᠠᠬᠤ ᠶᠢ ᠳᠡᠮᠵᠢᠬᠦ ᠳᠤ ᠬᠡᠷᠡᠭᠯᠡᠬᠦ ᠶᠢ ᠨᠢ ᠵᠥᠪᠰᠢᠶᠡᠷᠡᠨ᠂ | ᠲᠦᠷᠦᠯ ᠵᠦᠢᠯ ᠳᠤ ᠬᠡᠷᠡᠭᠯᠡᠬᠦ ᠬᠥᠷᠥᠩᠭᠡ ᠮᠥᠩᠭᠦᠨ ᠤ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠲᠥᠷᠥᠯ ᠵᠦᠢᠯ ᠢ | ᠬᠢᠨᠠᠨ ᠬᠠᠷᠭᠤᠭᠤᠯᠬᠤ ᠪᠠ ᠬᠠᠮᠢᠶᠠᠷᠬᠤ ᠲᠣᠭᠲᠠᠴᠠ ᠶᠢ ᠰᠢᠯᠢᠳᠡᠭᠵᠢᠭᠦᠯᠵᠦ᠂ ᠣᠷᠣᠨ ᠨᠤᠲᠤᠭ ᠤᠨ ᠵᠠᠰᠠᠭ ᠤᠨ | ᠣᠷᠳᠣᠨ ᠤ ᠡᠵᠡᠨ ᠮᠡᠳᠡᠬᠦ ᠡᠷᠬᠡ ᠪᠠ ᠠᠮᠢᠳᠤᠯᠢᠭ ᠴᠢᠨᠠᠷ ᠢ ᠵᠣᠬᠢᠰᠲᠠᠢ ᠪᠠᠷ ᠨᠡᠮᠡᠭᠳᠡᠭᠦᠯᠵᠦ᠂ ᠵᠢᠭᠡᠯᠡᠯᠭᠡ ᠶᠢᠨ | ᠲᠡᠮᠳᠡᠭᠲᠦ ᠶᠢ ᠲᠠᠷᠬᠠᠭᠠᠵᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠲᠤᠰᠬᠠᠢ ᠵᠢᠭᠡᠯᠡᠯᠭᠡ ᠶᠢᠨ | ᠲᠡᠮᠳᠡᠭᠲᠦ ᠶᠢᠨ ᠪᠥᠬᠦ ᠶᠠᠪᠤᠴᠠ ᠳᠠᠬᠢ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦᠨ ᠤ ᠬᠢᠨᠠᠨ ᠬᠠᠮᠢᠶᠠᠷᠬᠤ | ᠲᠣᠭᠲᠠᠴᠠ ᠪᠠ ᠲᠥᠯᠥᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠢᠷᠡᠬᠦ ᠵᠢᠯ ᠤᠨ ᠲᠤᠰᠬᠠᠢ ᠵᠢᠭᠡᠯᠡᠯᠭᠡ ᠶᠢᠨ | ᠲᠡᠮᠳᠡᠭᠲᠦ ᠶᠢᠨ ᠲᠠᠷᠬᠠᠭᠠᠵᠤ ᠬᠡᠷᠡᠭᠯᠡᠬᠦ ᠶᠢ ᠰᠠᠶᠢᠲᠤᠷ ᠬᠢᠵᠦ᠂ ᠪᠣᠳᠠᠲᠤ ᠪᠣᠳᠠᠰ ᠢᠶᠠᠷ ᠪᠡᠶᠡᠯᠡᠭᠦᠯᠵᠦ ᠬᠡᠮᠵᠢᠶᠡᠯᠡᠭᠰᠡᠨ | ᠠᠵᠢᠯ ᠤᠨ ᠬᠡᠮᠵᠢᠶ᠎ᠡ ᠶᠢ ᠡᠷᠲᠡᠬᠡᠨ ᠪᠦᠷᠢᠯᠳᠦᠭᠦᠯᠵᠦ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ | ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠨ ᠭᠠᠷᠭᠠᠵᠠᠢ᠃ | ᠬᠤᠷᠠᠯ ᠢᠶᠠᠷ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠭᠰᠠᠨ ᠮᠥᠷᠲᠡᠭᠡᠨ ᠰᠢᠨᠵᠢᠯᠡᠬᠦ | ᠤᠬᠠᠭᠠᠨᠴᠢ ᠥᠨᠳᠥᠷ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠵᠠᠰᠠᠭ ᠤᠨ ᠣᠷᠳᠣᠨ ᠤ | ᠬᠥᠲᠥᠯᠥᠨ ᠵᠢᠯᠤᠭᠤᠳᠬᠤ ᠪᠠ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠠᠶᠢᠷᠢ ᠲᠣᠭᠲᠠᠭᠠᠯᠲᠠ ᠶᠢ ᠲᠣᠪᠤᠶᠢᠯᠭᠠᠨ᠂ | ᠵᠠᠬ᠎ᠠ ᠳᠡᠯᠭᠡᠭᠦᠷᠴᠢᠯᠡᠯᠲᠡ᠂ ᠬᠠᠤᠯᠢᠵᠢᠯᠲᠠ᠂ ᠲᠤᠰᠬᠠᠶᠢᠵᠢᠭᠤᠯᠤᠯᠲᠠ ᠵᠠᠷᠴᠢᠮ ᠶᠣᠰᠣᠭᠠᠷ ᠵᠠᠰᠠᠭ ᠤᠨ ᠣᠷᠳᠣᠨ ᠤ | ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠵᠢᠷᠤᠮᠵᠢᠭᠤᠯᠤᠨ ᠭᠦᠢᠯᠭᠡᠭᠡᠵᠦ᠂ ᠤᠯᠤᠰ ᠤᠨ ᠬᠥᠭᠵᠢᠯᠲᠡ ᠶᠢᠨ | ᠶᠡᠭᠡ ᠲᠠᠯ᠎ᠠ ᠳᠤ ᠨᠠᠩ ᠰᠠᠶᠢᠨ ᠦᠢᠯᠡᠴᠢᠯᠡᠬᠦ ᠬᠡᠷᠡᠭᠲᠡᠢ᠃ ᠤᠷᠳᠤ ᠬᠤᠭᠤᠴᠠᠭᠠᠨ ᠤ ᠬᠥᠷᠥᠩᠭᠡ᠂ ᠬᠦᠯᠢᠴᠡᠩᠭᠦᠢ | ᠬᠥᠷᠥᠩᠭᠡ ᠶᠢ ᠬᠥᠭᠵᠢᠭᠦᠯᠦᠨ ᠪᠤᠵᠠᠭᠠᠶᠢᠷᠠᠭᠤᠯᠵᠤ᠂ ᠠᠳᠠᠯᠢ ᠪᠤᠰᠤ ᠲᠦᠷᠦᠯ ᠬᠡᠯᠪᠡᠷᠢ ᠶᠢᠨ ᠰᠠᠭᠤᠷᠢ ᠮᠥᠩᠭᠦᠨ ᠤ | ᠵᠦᠷᠢᠶᠡᠴᠢᠯᠡᠭᠰᠡᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠨᠡᠶᠢᠭᠡᠮ ᠤᠨ ᠬᠥᠷᠥᠩᠭᠡ ᠶᠢ ᠰᠢᠬᠠᠨ | ᠭᠠᠷᠭᠠᠬᠤ ᠨᠥᠯᠥᠭᠡᠯᠡᠯ ᠢ ᠰᠡᠷᠭᠡᠶᠢᠯᠡᠬᠦ ᠬᠡᠷᠡᠭᠲᠡᠢ᠃ ᠡᠷᠬᠡ ᠪᠠ ᠬᠠᠷᠢᠭᠤᠴᠠᠯᠭ᠎ᠠ ᠶᠢ ᠨᠢᠭᠡᠲᠦᠯᠲᠡᠢ ᠪᠠᠶᠢᠯᠭᠠᠬᠤ᠂ | ᠤᠷᠮᠠᠰᠢᠭᠤᠯᠬᠤ ᠪᠠ ᠬᠢᠵᠠᠭᠠᠷᠯᠠᠬᠤ ᠶᠢ ᠬᠠᠷᠢᠯᠴᠠᠨ ᠪᠠᠭᠲᠠᠭᠠᠭᠰᠠᠨ ᠬᠠᠷᠢᠭᠤᠴᠠᠯᠭ᠎ᠠ ᠶᠢᠨ ᠲᠣᠭᠲᠠᠴᠠ ᠶᠢ | ᠪᠦᠷᠢᠨᠰᠢᠭᠦᠯᠵᠦ᠂ ᠰᠢᠨ᠎ᠡ ᠶᠢ ᠡᠭᠦᠳᠪᠡᠯ ᠵᠣᠷᠢᠭᠵᠢᠭᠤᠯᠬᠤ᠂ ᠠᠯᠳᠠᠰᠢ ᠭᠠᠷᠭᠠᠪᠠᠯ ᠠᠭᠤᠴᠢᠯᠠᠨ ᠪᠠᠭᠲᠠᠭᠠᠬᠤ ᠰᠠᠶᠢᠨ | ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠬᠡᠮᠡᠨ ᠵᠢᠭᠠᠨ ᠭᠠᠷᠭᠠᠭᠰᠠᠨ ᠪᠠᠶᠢᠨ᠎ᠠ᠃ | ᠬᠤᠷᠠᠯ ᠳᠤ ᠠᠶᠤᠯ ᠦᠭᠡᠢ ᠦᠢᠯᠡᠳᠪᠦᠷᠢᠯᠡᠯ ᠢ ᠦᠨᠳᠦᠰᠦ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ | ᠵᠢᠯ ᠤᠨ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠮᠥᠷᠲᠡᠭᠡᠨ | ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠤᠰ ᠠᠵᠢᠯ ᠲᠦᠷᠦᠯ | ᠲᠤᠰ ᠰᠢᠰᠲ᠋ᠧᠮ ᠤᠨ ᠬᠦᠨᠳᠦ ᠶᠡᠭᠡ ᠠᠶᠤᠯ ᠲᠦᠭᠰᠢᠭᠦᠷᠢ ᠶᠢᠨ ᠭᠡᠮ ᠰᠣᠭᠤᠭ ᠤᠳ ᠢ ᠦᠷᠭᠦᠯᠵᠢᠯᠡᠨ ᠭᠦᠨᠵᠡᠭᠡᠢ | ᠪᠠᠶᠢᠴᠠᠭᠠᠵᠤ ᠲᠦᠢᠯᠪᠤᠷᠢᠲᠠᠢ ᠥᠭᠡᠷᠡᠴᠢᠯᠡᠨ ᠰᠠᠶᠢᠵᠢᠷᠠᠭᠤᠯᠵᠤ᠂ ᠪᠦᠬᠦ ᠬᠡᠯᠬᠢᠶᠡᠨ ᠳᠤ ᠠᠯᠳᠠᠰᠢ ᠭᠠᠷᠬᠤ ᠶᠢ | ᠬᠤᠷᠢᠭᠯᠠᠨ᠂ ᠬᠢᠨᠠᠯᠲᠠ ᠬᠠᠮᠢᠶᠠᠷᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠶᠤᠯ ᠦᠭᠡᠢ | ᠦᠢᠯᠡᠳᠪᠦᠷᠢᠯᠡᠯ ᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠬᠡᠷᠡᠭᠲᠡᠢ᠃ | ᠪᠠᠷᠢᠮᠵᠢᠶ᠎ᠠ ᠪᠠᠷ ᠬᠥᠲᠥᠯᠥᠨ ᠳᠠᠭᠠᠭᠤᠯᠵᠤ ᠪᠠᠲᠤᠯᠠᠬᠤ ᠦᠢᠯᠡᠳᠦᠯ ᠢ ᠨᠢ ᠴᠢᠩᠭᠠᠷᠠᠭᠤᠯᠵᠤ᠂ ᠪᠠᠷᠢᠮᠵᠢᠶᠠᠨ ᠤ | ᠲᠣᠭᠲᠠᠯᠴᠠᠭ᠎ᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠪᠠᠷᠢᠮᠵᠢᠶᠠᠨ ᠤ ᠱᠠᠭᠠᠷᠳᠠᠯᠭ᠎ᠠ ᠶᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠂ ᠪᠠᠷᠢᠮᠵᠢᠶᠠᠨ ᠤ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ | ᠥᠨᠥ ᠵᠢᠯ ᠤᠨ ᠡᠴᠦᠰ ᠢᠷᠡᠬᠦ ᠵᠢᠯ ᠤᠨ ᠡᠬᠢᠨ ᠤ ᠠᠮᠤᠷ ᠲᠦᠪᠰᠢᠨ ᠤ ᠰᠡᠷᠭᠡᠶᠢᠯᠡᠯᠲᠡ ᠶᠢ ᠰᠠᠶᠢᠲᠤᠷ ᠬᠢᠵᠦ᠂ | ᠭᠤᠣᠯᠳᠠᠯᠭ᠎ᠠ ᠪᠣᠯᠬᠤ ᠴᠠᠭ᠂ ᠭᠤᠣᠯᠳᠠᠯᠭ᠎ᠠ ᠪᠣᠯᠬᠤ ᠲᠠᠯᠠᠪᠤᠷ᠂ ᠠᠨᠠᠢ ᠪᠠᠶᠢᠭ᠎ᠠ ᠭᠤᠭᠴᠣᠭᠠᠨ ᠤ ᠬᠡᠮ ᠰᠣᠭᠤᠭ ᠢ | ᠵᠢᠭᠰᠠᠭᠠᠨ ᠪᠠᠶᠢᠴᠠᠭᠠᠬᠤ ᠪᠠ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠠᠷᠠᠳ ᠤᠯᠠᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠢᠶᠠᠷ ᠬᠥᠯ ᠪᠥᠮᠪᠥᠭᠡᠨ ᠤ ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠬᠤ ᠬᠠᠮᠢᠶ᠎ᠠ ᠪᠦᠬᠦᠢ ᠠᠵᠢᠯ ᠢ | ᠰᠣᠳᠣᠯᠤᠭᠰᠠᠨ ᠮᠥᠷᠲᠡᠭᠡᠨ ᠬᠥᠯ ᠪᠥᠮᠪᠥᠭᠡᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠪᠡᠶ᠎ᠡ ᠶᠢᠨ ᠲᠠᠮᠢᠷ ᠤᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠭᠤᠣᠯᠳᠠᠯᠭ᠎ᠠ ᠪᠦᠬᠦᠢ ᠠᠵᠢᠯ ᠪᠣᠯᠣᠨ᠎ᠠ᠂ ᠡᠯ᠎ᠡ ᠵᠦᠢᠯ ᠤᠨ | ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠬᠥᠯ | ᠪᠥᠮᠪᠥᠭᠡᠨ ᠤ ᠠᠵᠢᠯ ᠤᠨ ᠲᠠᠰᠤᠷᠠᠯᠳᠡ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠨ | ᠭᠠᠷᠭᠠᠵᠠᠢ᠃ | ᠬᠤᠷᠠᠯ ᠢᠶᠠᠷ ︽ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠵᠢᠷᠤᠭ ᠳᠦᠷᠰᠦᠲᠦ ᠮᠡᠳᠡᠭᠡ ᠵᠠᠩᠭᠢ ᠶᠢᠨ | ᠰᠢᠰᠲ᠋ᠧᠮ ᠤᠨ ᠬᠠᠮᠢᠶᠠᠷᠤᠯᠲᠠ ᠶᠢᠨ ᠳᠦᠷᠢᠮ ︵ᠲᠥᠰᠥᠯ︶︾ ᠢ ᠬᠢᠨᠠᠨ ᠵᠥᠪᠯᠡᠵᠦ ᠪᠠᠲᠤᠯᠠᠭᠰᠠᠨ ᠮᠥᠷᠲᠡᠭᠡᠨ ᠤᠯᠠᠨ | ᠨᠡᠶᠢᠲᠡ ᠶᠢᠨ ᠠᠮᠤᠷ ᠲᠦᠪᠰᠢᠨ ᠤ ᠸᠢᠳᠢᠤ᠋ ᠶᠢᠨ ᠰᠢᠰᠲ᠋ᠧᠮ ᠤᠨ ᠪᠠᠶᠢᠭᠤᠯᠤᠯᠲᠠ ᠪᠠ ᠬᠡᠷᠡᠭᠯᠡᠯᠲᠡ ᠶᠢ ᠵᠢᠷᠤᠮᠵᠢᠭᠤᠯᠵᠤ᠂ | ᠤᠯᠠᠨ ᠨᠡᠶᠢᠲᠡ ᠶᠢᠨ ᠠᠮᠤᠷ ᠲᠦᠪᠰᠢᠨ ᠪᠠ ᠬᠤᠪᠢ ᠬᠥᠮᠥᠨ ᠤ ᠨᠢᠭᠤᠴᠠ ᠶᠢ ᠨᠡᠩ ᠰᠠᠶᠢᠲᠤᠷ ᠬᠠᠮᠠᠭᠠᠯᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠢᠶᠠᠷ ᠪᠠᠰᠠ ᠪᠤᠰᠤᠳ ᠵᠦᠢᠯ ᠢ ᠰᠤᠳᠤᠯᠪᠠ᠃ | | |