ᠱᠠᠩᠳᠤ ᠰᠢᠶᠠᠨ᠄ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠲᠣᠭᠲᠠᠭᠤᠨ ᠢᠶᠠᠷ ᠳᠡᠭᠡᠭᠰᠢᠯᠡᠪᠡ
ᠨᠡᠶᠢᠲᠡᠯᠡᠭᠰᠡᠨ ᠴᠠᠭ᠄
2024/12/17
         ᠨᠢᠭᠡ ᠳᠤ᠂ ᠲᠦᠷᠦᠭᠦᠤ ᠭᠤᠷᠪᠠᠨ ᠤᠯᠠᠷᠢᠯ ᠳᠤ ᠪᠥᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ︵GDP︶ 51.8 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.0 ᠵᠠᠭᠤᠨ ᠤ ᠴᠡᠭ ᠳᠡᠭᠡᠭᠰᠢᠯᠡᠪᠡ᠃    ᠬᠤᠶᠠᠷ ᠲᠤ᠂ ᠭᠤᠷᠪᠠᠨ ᠤᠯᠠᠷᠢᠯ ᠳᠤ ᠪᠥᠬᠦ ᠰᠢᠶᠠᠨ ᠤ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠥᠮᠥᠷᠭᠡ ᠳᠤ ᠪᠠᠶᠢᠭ᠎ᠠ ᠲᠥᠷᠥᠯ ᠵᠦᠢᠯ 58 ᠪᠠᠶᠢᠵᠤ᠂ ᠡᠭᠦᠨ ᠳᠤ᠄ ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ 6 ᠪᠠᠶᠢᠵᠤ᠂ ᠵᠢᠱᠢᠯᠲᠡ ᠪᠠᠷ ᠨᠡᠶᠢᠲᠡ 33.8 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 56.2% ᠢᠶᠠᠷ ᠨᠡᠮᠡᠭᠳᠡᠪᠡ᠃    ᠭᠤᠷᠪᠠ ᠳᠤ᠂ 2024 ᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠲᠥᠯᠥᠪᠯᠡᠭᠡ ᠶᠢᠨ ᠣᠷᠣᠯᠭ᠎ᠠ 29460 ᠲᠦᠮᠡᠨ ᠲᠥᠭᠦᠷᠢᠭ ᠪᠣᠯᠤᠨ᠎ᠠ᠃ 2024 ᠣᠨ ᠤ 10 ᠰᠠᠷ᠎ᠠ ᠶᠢᠨ 31 ᠤ ᠡᠳᠦᠷ ᠪᠣᠯᠲᠠᠯ᠎ᠠ᠂ ᠪᠥᠬᠦ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 30152 ᠲᠦᠮᠡᠨ ᠲᠥᠭᠦᠷᠢᠭ ᠢ ᠪᠡᠶᠡᠯᠡᠭᠦᠯᠵᠦ᠂ ᠵᠢᠯ ᠤᠨ ᠡᠬᠢᠨ ᠤ ᠲᠥᠰᠦᠪ 29460 ᠲᠦᠮᠡᠨ ᠲᠥᠭᠦᠷᠢᠭ ᠤᠨ 102.35% ᠶᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5818 ᠲᠦᠮᠡᠨ ᠲᠥᠭᠦᠷᠢᠭ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 23.91% ᠪᠠᠷ ᠨᠡᠮᠡᠭᠳᠡᠪᠡ᠃ ᠡᠭᠦᠨ ᠳᠤ᠄ ᠭᠠᠶᠢᠯᠢ ᠲᠠᠲᠠᠪᠤᠷᠢ ᠶᠢᠨ ᠣᠷᠣᠯᠭ᠎ᠠ ᠨᠡᠶᠢᠲᠡ 23558 ᠲᠦᠮᠡᠨ ᠲᠥᠭᠦᠷᠢᠭ ᠢ ᠪᠡᠶᠡᠯᠡᠭᠦᠯᠵᠦ᠂ ᠵᠢᠯ ᠤᠨ ᠡᠬᠢᠨ ᠤ ᠲᠥᠰᠦᠪ 20460 ᠲᠦᠮᠡᠨ ᠲᠥᠭᠦᠷᠢᠭ ᠤᠨ 115.14% ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 45.64% ᠪᠠᠷ ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ ᠨᠡᠶᠢᠲᠡ 6594 ᠲᠦᠮᠡᠨ ᠲᠥᠭᠦᠷᠢᠭ ᠢ ᠪᠡᠶᠡᠯᠡᠭᠦᠯᠵᠦ᠂ ᠵᠢᠯ ᠤᠨ ᠡᠬᠢᠨ ᠤ ᠲᠥᠰᠦᠪ 9000 ᠲᠦᠮᠡᠨ ᠲᠥᠭᠦᠷᠢᠭ ᠤᠨ 73.27% ᠶᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1564 ᠲᠦᠮᠡᠨ ᠲᠥᠭᠦᠷᠢᠭ ᠬᠠᠰᠤᠭᠳᠠᠵᠤ᠂ ᠠᠳᠠᠯᠢ ᠬᠤᠭᠤᠴᠠᠭᠠᠨ ᠤ ᠬᠢ ᠠᠴᠠ 19.17 % ᠪᠠᠷ ᠪᠠᠭᠤᠷᠠᠪᠠ᠃                     ᠤᠷᠴᠢᠭᠤᠯᠤᠭᠴᠢ᠄ ᠬᠦᠰᠡᠯ                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2