12 ᠰᠠᠷ᠎ᠠ ᠶᠢᠨ 17 ᠤ ᠡᠳᠦᠷ᠂ ᠤᠯᠠᠭᠠᠨᠴᠠᠪ ᠬᠤᠲᠠ ᠶᠢᠨ ᠬᠤᠪᠢ ᠶᠢᠨ ᠪᠠ ᠬᠤᠪᠢ ᠶᠢᠨ ᠡᠵᠡᠩᠨᠡᠯᠲᠡ ᠶᠢᠨ | ᠠᠵᠤ ᠠᠬᠤᠶᠢᠯᠠᠯ ᠤᠨ ᠨᠡᠶᠢᠭᠡᠮᠯᠢᠭ ᠪᠠᠶᠢᠭᠤᠯᠬᠤ ᠶᠡᠭᠡ ᠬᠤᠷᠠᠯ ᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠳᠤ ᠬᠤᠷᠠᠯᠳᠤᠭᠤᠯᠵᠤ᠂ ᠨᠡᠶᠢᠲᠡ 20 ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠶᠢᠨ ᠲᠥᠯᠥᠭᠡᠯᠡᠭᠴᠢ᠂ 63 ᠬᠤᠪᠢ ᠶᠢᠨ ᠠᠵᠤ ᠠᠬᠤᠶᠢᠯᠠᠯ ᠤᠨ ᠲᠥᠯᠥᠭᠡᠯᠡᠭᠴᠢ ᠣᠷᠣᠯᠴᠠᠵᠠᠶ᠃ | ᠬᠤᠲᠠ ᠶᠢᠨ ᠳᠡᠳ᠋ ᠳᠠᠷᠤᠭ᠎ᠠ ᠯᠢ ᠵᠢᠶᠠᠨ ᠸᠧᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠤᠯᠠᠭᠠᠨᠴᠠᠪ ᠬᠤᠲᠠ ᠶᠢᠨ ᠬᠤᠪᠢ ᠶᠢᠨ ᠪᠠ ᠬᠤᠪᠢ ᠶᠢᠨ ᠡᠵᠡᠩᠨᠡᠯᠲᠡ ᠶᠢᠨ ᠠᠵᠤ | ᠠᠬᠤᠶᠢᠯᠠᠯ ᠤᠨ ᠨᠡᠶᠢᠭᠡᠮᠯᠢᠭ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠤᠯᠠᠭᠠᠨᠴᠠᠪ ᠬᠤᠲᠠ ᠶᠢᠨ ᠬᠤᠪᠢ ᠶᠢᠨ | ᠪᠠ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠡᠷᠡᠭ | ᠡᠷᠬᠢᠯᠡᠭᠴᠢᠳ ᠤᠨ ᠵᠥᠪᠯᠡᠯ ᠢ ᠰᠣᠩᠭᠤᠨ ᠭᠠᠷᠭᠠᠪᠠ︔ ᠤᠯᠠᠭᠠᠨᠴᠠᠪ ᠬᠤᠲᠠ ᠶᠢᠨ ᠬᠤᠪᠢ ᠶᠢᠨ ᠪᠠ ᠬᠤᠪᠢ ᠶᠢᠨ | ᠡᠵᠡᠩᠨᠡᠯᠲᠡ ᠶᠢᠨ ᠠᠵᠤ ᠠᠬᠤᠶᠢᠯᠠᠯ ᠤᠨ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠠᠩᠬᠠᠳᠤᠭᠠᠷ ᠤᠳᠠᠭᠠᠨ ᠤ | ᠬᠡᠷᠡᠭ ᠡᠷᠬᠢᠯᠡᠭᠴᠢᠳ ᠤᠨ ᠬᠤᠷᠠᠯ ᠠᠴᠠ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠵᠥᠪᠯᠡᠯ ᠤᠨ | ᠪᠠᠶᠢᠩᠭᠤ ᠶᠢᠨ ᠬᠡᠷᠡᠭ ᠡᠷᠬᠢᠯᠡᠭᠴᠢ᠂ ᠨᠠᠷᠢᠨ ᠪᠢᠴᠢᠭ ᠤᠨ ᠳᠠᠷᠤᠭ᠎ᠠ᠂ ᠳᠡᠳ᠋ ᠳᠠᠷᠤᠭ᠎ᠠ᠂ ᠨᠡᠶᠢᠭᠡᠮᠯᠢᠭ ᠤᠨ ᠳᠠᠷᠤᠭ᠎ᠠ ᠶᠢ | ᠰᠣᠩᠭᠤᠨ ᠭᠠᠷᠭᠠᠪᠠ᠃ | ︽ᠪᠢᠳᠡ ᠵᠠᠰᠠᠭ ᠤᠨ ᠣᠷᠳᠣᠨ ᠬᠢᠭᠡᠳ ᠠᠵᠤ ᠠᠬᠤᠶᠢᠯᠠᠯ ᠢ ᠬᠤᠯᠪᠣᠭᠰᠠᠨ ᠪᠠᠲᠤ ᠪᠠᠬᠢ ᠬᠥᠭᠦᠷᠭᠡ | ᠪᠣᠯᠬᠤ ᠪᠠᠷ ᠪᠠᠷᠠᠬᠤ ᠥᠬᠡᠶ᠂ ᠪᠠᠰᠠ ᠴᠤ ᠤᠯᠠᠭᠠᠨᠴᠠᠪ ᠤᠨ ᠠᠵᠤ ᠠᠬᠤᠶ ᠶᠢᠨ ᠠᠶᠠᠯᠠᠯ ᠤᠨ ᠣᠩᠭᠤᠴᠠ ᠶᠢᠨ | ᠳᠠᠪᠠᠯᠭᠠᠨ ᠢ ᠵᠦᠰᠦᠨ ᠤᠷᠤᠭᠰᠢᠯᠠᠬᠤ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠮᠥᠨ︾ ᠭᠡᠵᠦ | ᠤᠯᠠᠭᠠᠨᠴᠠᠪ ᠬᠤᠲᠠ ᠶᠢᠨ ᠬᠤᠪᠢ ᠶᠢᠨ ᠪᠠ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠨᠡᠶᠢᠭᠡᠮᠯᠢᠭ ᠤᠨ | ᠳᠠᠷᠤᠭ᠎ᠠ ᠰᠢᠤᠢ ᠶᠦᠩ ᠵᠧᠨ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ᠂ ᠵᠠᠰᠠᠭ ᠤᠨ ᠣᠷᠳᠣᠨ ᠬᠢᠭᠡᠳ | ᠭᠡᠰᠢᠭᠦᠳ ᠤᠨ ᠬᠤᠭᠤᠷᠣᠨᠳᠣᠬᠢ ᠬᠥᠭᠦᠷᠭᠡ ᠶᠢ ᠪᠠᠶᠢᠭᠤᠯᠵᠤ᠂ ᠭᠡᠰᠢᠭᠦᠳ ᠤᠨ ᠰᠡᠳᠬᠢᠯ ᠤᠨ ᠦᠭᠡ ᠶᠢ ᠴᠠᠭ | ᠲᠤᠬᠠᠶ ᠳᠤᠨᠢ ᠬᠠᠷᠢᠭᠤ ᠲᠤᠰᠬᠠᠵᠤ᠂ ᠮᠠᠨ ᠤ ᠬᠤᠲᠠ ᠶᠢᠨ ᠬᠤᠪᠢ ᠶᠢᠨ ᠪᠠ ᠬᠤᠪᠢ ᠶᠢᠨ ᠡᠵᠡᠩᠨᠡᠯᠲᠡ ᠶᠢᠨ ᠠᠵᠤ | ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠵᠦ᠂ ᠤᠯᠠᠭᠠᠨᠴᠠᠪ ᠤᠨ ᠠᠵᠤ ᠠᠬᠤᠶ ᠶᠢᠨ | ᠬᠥᠭᠵᠢᠯ ᠴᠡᠴᠡᠭᠯᠡᠯ ᠪᠠ ᠨᠡᠶᠢᠭᠡᠮ ᠤᠨ ᠡᠶ᠎ᠡ ᠵᠣᠬᠢᠴᠠᠯ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠶ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |