︽ᠤᠯᠠᠭᠠᠨᠴᠠᠪ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠠᠴᠠ ᠵᠣᠭᠤᠰ ᠰᠠᠯᠭᠠᠨ ᠥᠭᠬᠦ ᠡᠩ ᠤᠨ ᠴᠢᠨᠠᠷᠲᠠᠶ ᠵᠠᠷᠤᠯᠭ᠎ᠠ ᠪᠠ ︿ᠠᠯᠪᠠᠨ ᠤ ᠭᠤᠷᠪᠠᠨ ᠵᠠᠷᠤᠳᠠᠯ﹀ ᠤᠨ ᠵᠠᠷᠤᠯᠭ᠎ᠠ ᠶᠢᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/12/18
ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠢᠯ ᠦᠢᠯᠡᠰ ᠤᠨ ᠨᠢᠭᠡᠴᠢ ᠳᠤ᠄        ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠤᠯᠠᠭᠠᠨᠴᠠᠪ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠠᠴᠠ ᠵᠣᠭᠤᠰ ᠰᠠᠯᠭᠠᠨ ᠥᠭᠬᠦ ᠡᠩ ᠤᠨ ᠴᠢᠨᠠᠷᠲᠠᠶ ᠵᠠᠷᠤᠯᠭ᠎ᠠ ᠪᠠ  ︿ᠠᠯᠪᠠᠨ ᠤ ᠭᠤᠷᠪᠠᠨ ᠵᠠᠷᠤᠳᠠᠯ﹀ ᠤᠨ ᠵᠠᠷᠤᠯᠭ᠎ᠠ ᠶᠢᠨ ᠬᠠᠮᠢᠶᠠᠷᠤᠯᠲᠠ ᠶᠢᠨ ᠠᠷᠭ᠎ᠠ︾ ᠶᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃                                                                                                2024 ᠣᠨ ᠤ 8 ᠰᠠᠷ᠎ᠠ ᠶᠢᠨ 12 ᠤᠨ ᠡᠳᠦᠷ                                            ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶    ᠤᠯᠠᠭᠠᠨᠴᠠᠪ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠠᠴᠠ ᠵᠣᠭᠤᠰ ᠰᠠᠯᠭᠠᠨ ᠥᠭᠬᠦ ᠡᠩ ᠤᠨ ᠴᠢᠨᠠᠷᠲᠠᠶ ᠵᠠᠷᠤᠯᠭ᠎ᠠ ᠪᠠ ︿ᠠᠯᠪᠠᠨ ᠤ ᠭᠤᠷᠪᠠᠨ ᠵᠠᠷᠤᠳᠠᠯ﹀ ᠤᠨ ᠵᠠᠷᠤᠯᠭ᠎ᠠ ᠶᠢᠨ ᠬᠠᠮᠢᠶᠠᠷᠤᠯᠲᠠ ᠶᠢᠨ ᠠᠷᠭ᠎ᠠ           ᠨᠢᠭᠡᠳᠦᠭᠡᠷ ᠪᠦᠯᠦᠭ ᠶᠡᠷᠦᠩᠬᠡᠢ ᠳᠦᠷᠢᠮ     ᠨᠢᠭᠡᠳᠦᠭᠡᠷ ᠵᠦᠢᠯ  ᠶᠡᠷᠦᠩᠬᠡᠶ ᠱᠦᠵᠢ ᠰᠢ ᠶᠢᠨ ᠫᠢᠩ ᠤᠨ ︽ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ︾ ᠪᠠ ︽ᠨᠠᠮ ᠪᠠ ᠵᠠᠰᠠᠭ ᠤᠨ ᠣᠷᠳᠣᠨ ᠲᠦᠷᠦᠭᠦᠯᠡᠨ ᠠᠷᠪᠢᠯᠠᠨ ᠭᠠᠮᠨᠠᠵᠤ ᠠᠮᠢᠳᠤᠷᠠᠬᠤ︾ ᠵᠡᠷᠭᠡ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠤᠯ ᠰᠢᠵᠢᠮ ᠢ ᠪᠠᠲᠤ ᠡᠵᠡᠮᠳᠡᠵᠦ᠂ ︽ᠬᠤᠶᠠᠷ ᠶᠡᠭᠡ ᠶᠠᠪᠤᠳᠠᠯ︾ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠨ ᠨᠠᠶᠢᠳᠠᠪᠤᠷᠢᠵᠢᠭᠤᠯᠵᠤ᠂ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠡᠵᠡᠮᠳᠡᠵᠦ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠥᠪᠡᠷ ᠤᠨ ᠦᠷᠳᠡᠭ ᠢ ᠴᠢᠷᠮᠠᠶᠢᠨ ᠪᠠᠭᠤᠷᠠᠭᠤᠯᠵᠤ᠂ ᠡᠳ᠋ ᠤᠨ ᠵᠠᠰᠠᠭ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠠᠮ ᠵᠠᠰᠠᠭ ᠤᠨ ᠪᠠᠶᠢᠭᠤᠯᠭ᠎ᠠ ᠰᠠᠶᠢᠲᠤᠷ ᠠᠷᠪᠢᠯᠠᠨ ᠭᠠᠮᠨᠠᠬᠤ ᠲᠤᠬᠠᠶ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠣᠰ ᠠᠷᠭ᠎ᠠ ᠶᠢ ᠲᠣᠭᠲᠠᠭᠠᠪᠠ᠃     ᠬᠤᠶᠠᠳᠤᠭᠠᠷ ᠵᠦᠢᠯ  ᠲᠤᠰ ᠠᠷᠭ᠎ᠠ ᠶᠢ ᠬᠤᠲᠠ ᠶᠢᠨ ᠲᠤᠰ ᠱᠠᠲᠤᠨ ᠤ ᠲᠥᠰᠦᠪ ᠤᠨ ᠬᠠᠮᠢᠶᠠᠷᠤᠯᠲᠠ ᠳᠤ ᠣᠷᠣᠭᠤᠯᠬᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠳᠤ ᠬᠡᠷᠡᠭᠯᠡᠨ᠎ᠡ᠃     ᠭᠤᠷᠪᠠᠳᠤᠭᠠᠷ ᠵᠦᠢᠯ  ︽ᠠᠯᠪᠠᠨ ᠤ ᠭᠤᠷᠪᠠᠨ ᠵᠠᠷᠤᠳᠠᠯ︾ ᠭᠡᠳᠡᠭ ᠨᠢ ᠠᠯᠪᠠᠨ ᠶᠠᠪᠤᠳᠠᠯ ᠢᠶᠠᠷ ᠭᠠᠳᠠᠭᠠᠳᠤ ᠳᠤ ︵ᠬᠢᠯᠢ ᠠᠴᠠ︶ ᠭᠠᠷᠬᠤ ᠵᠠᠷᠤᠳᠠᠯ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠬᠤᠳᠠᠯᠳᠤᠨ ᠠᠪᠬᠤ ᠵᠢᠴᠢ ᠠᠵᠢᠯᠯᠠᠭᠠᠨ ᠤ ᠠᠷᠠᠴᠢᠯᠠᠨ ᠬᠠᠮᠠᠭᠠᠯᠠᠬᠤ ᠵᠠᠷᠤᠳᠠᠯ ᠪᠣᠯᠤᠨ ᠠᠯᠪᠠᠨ ᠶᠠᠪᠤᠳᠠᠯ ᠤᠨ ᠬᠦᠯᠢᠶᠡᠨ ᠵᠣᠴᠢᠯᠠᠬᠤ ᠵᠠᠷᠤᠳᠠᠯ ᠢ ᠵᠢᠭᠠᠵᠤ ᠪᠤᠶ᠃ ᠡᠭᠦᠨ ᠳᠤ᠄ ᠠᠯᠪᠠᠨ ᠶᠠᠪᠤᠳᠠᠯ ᠢᠶᠠᠷ ᠭᠠᠳᠠᠭᠠᠳᠤ ᠳᠤ ︵ᠬᠢᠯᠢ ᠠᠴᠠ︶ ᠭᠠᠷᠬᠤ ᠵᠠᠷᠤᠳᠠᠯ ᠢ ᠲᠤᠰᠬᠠᠬᠤ ᠨᠢᠭᠡᠴᠢ ᠶᠢᠨ ᠠᠯᠪᠠᠨ ᠶᠠᠪᠤᠳᠠᠯ ᠢᠶᠠᠷ ᠭᠠᠳᠠᠭᠠᠳᠤ ᠳᠤ ︵ᠬᠢᠯᠢ ᠠᠴᠠ︶ ᠭᠠᠷᠤᠭᠰᠠᠨ ᠣᠯᠠᠨ ᠤᠯᠤᠰ ᠤᠨ ᠵᠢᠭᠤᠯᠴᠢᠯᠠᠯ ᠤᠨ ᠵᠠᠷᠤᠳᠠᠯ᠂ ᠤᠯᠤᠰ ᠤᠨ ᠭᠠᠳᠠᠨᠠᠬᠢ ᠬᠤᠲᠠ ᠶᠢᠨ ᠵᠠᠮ ᠬᠠᠷᠢᠯᠴᠠᠭᠠᠨ ᠤ ᠵᠠᠷᠤᠳᠠᠯ᠂ ᠬᠤᠨᠤᠭ ᠤᠨ ᠵᠠᠷᠤᠳᠠᠯ᠂ ᠬᠤᠭᠤᠯᠠᠨ ᠤ ᠵᠠᠷᠤᠳᠠᠯ᠂ ᠪᠣᠯᠪᠠᠰᠤᠷᠠᠭᠤᠯᠤᠯ ᠤᠨ ᠵᠠᠷᠤᠳᠠᠯ᠂ ᠠᠯᠪᠠᠨ ᠰᠤᠯᠠ ᠵᠠᠷᠤᠳᠠᠯ ᠵᠡᠷᠭᠡ ᠵᠠᠷᠤᠯᠭ᠎ᠠ︔ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠬᠤᠳᠠᠯᠳᠤᠨ ᠠᠪᠬᠤ ᠪᠠ ᠠᠵᠢᠯᠯᠠᠭᠠᠨ ᠤ ᠰᠡᠯᠪᠢᠨ ᠵᠠᠰᠠᠬᠤ ᠵᠠᠷᠤᠳᠠᠯ ᠢ ᠲᠤᠰᠬᠠᠬᠤ ᠨᠢᠭᠡᠴᠢ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠬᠤᠳᠠᠯᠳᠤᠨ ᠠᠪᠤᠭᠰᠠᠨ ᠵᠠᠷᠤᠳᠠᠯ᠂ ᠲᠣᠰᠣᠨ ᠤ ᠵᠠᠷᠤᠳᠠᠯ᠂ ᠰᠡᠯᠪᠢᠨ ᠵᠠᠰᠠᠬᠤ ᠵᠠᠷᠤᠳᠠᠯ᠂ ᠬᠥᠭᠦᠷᠭᠡ ᠥᠩᠭᠡᠷᠡᠬᠦ ᠵᠠᠮ ᠤᠨ ᠵᠠᠷᠤᠳᠠᠯ᠂ ᠳᠠᠭᠠᠳᠬᠠᠯ ᠤᠨ ᠵᠠᠷᠤᠳᠠᠯ ᠵᠡᠷᠭᠡ ᠵᠠᠷᠤᠯᠭ᠎ᠠ︔ ᠠᠯᠪᠠᠨ ᠶᠠᠪᠤᠳᠠᠯ ᠤᠨ ᠬᠦᠯᠢᠶᠡᠨ ᠵᠣᠴᠢᠯᠠᠬᠤ ᠵᠠᠷᠤᠳᠠᠯ ᠢ ᠲᠤᠰᠬᠠᠬᠤ ᠨᠢᠭᠡᠴᠢ ᠶᠢᠨ ᠲᠣᠭᠲᠠᠭᠠᠯ ᠶᠣᠰᠣᠭᠠᠷ ᠵᠠᠷᠤᠭᠰᠠᠨ ᠡᠯ᠎ᠡ ᠲᠥᠷᠥᠯ ᠤᠨ ᠠᠯᠪᠠᠨ ᠶᠠᠪᠤᠳᠠᠯ ᠤᠨ ᠬᠦᠯᠢᠶᠡᠨ ᠵᠣᠴᠢᠯᠠᠬᠤ ᠵᠠᠷᠤᠳᠠᠯ ︵ᠭᠠᠳᠠᠭᠠᠳᠤ ᠶᠢᠨ ᠵᠣᠴᠢᠳ ᠢ ᠬᠦᠯᠢᠶᠡᠨ ᠵᠣᠴᠢᠯᠠᠬᠤ ᠵᠠᠷᠤᠳᠠᠯ ᠪᠠᠭᠲᠠᠨ᠎ᠠ︶᠃     ᠬᠤᠶᠠᠳᠤᠭᠠᠷ ᠪᠦᠯᠦᠭ ᠵᠠᠷᠤᠯᠭ᠎ᠠ ᠶᠢᠨ ᠬᠠᠮᠢᠶᠠᠷᠤᠯᠲᠠ     ᠳᠥᠷᠪᠡᠳᠦᠭᠡᠷ ᠵᠦᠢᠯ  ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ︽ᠠᠯᠪᠠᠨ ᠤ ᠭᠤᠷᠪᠠᠨ ᠵᠠᠷᠤᠳᠠᠯ︾ ᠤᠨ ᠲᠥᠰᠦᠪ ᠢ ︽ᠪᠠᠭᠠᠰᠬᠠᠬᠤ ᠠᠴᠠ ᠪᠢᠰᠢ ᠨᠡᠮᠡᠭᠳᠡᠭᠦᠯᠬᠦ ᠦᠭᠡᠢ︾ ᠵᠠᠷᠴᠢᠮ ᠶᠣᠰᠣᠭᠠᠷ ᠲᠣᠬᠢᠷᠠᠭᠤᠯᠵᠤ᠂ ︽ᠬᠤᠶᠠᠷ ᠢ ᠬᠢᠵᠠᠭᠠᠷᠯᠠᠬᠤ︾ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠎ᠡ᠂ ᠲᠤᠬᠠᠶᠢᠯᠠᠪᠠᠯ ︽ᠠᠯᠪᠠᠨ ᠤ ᠭᠤᠷᠪᠠᠨ ᠵᠠᠷᠤᠳᠠᠯ︾ ᠤᠨ ᠲᠥᠰᠦᠪ ᠤᠨ ᠲᠣᠬᠢᠷᠠᠭᠤᠯᠤᠯᠲᠠ ᠶᠢ ᠳᠡᠭᠡᠷ᠎ᠡ ᠵᠢᠯ ᠤᠨ ᠲᠥᠰᠦᠪ ᠠᠴᠠ ᠬᠡᠲᠦᠷᠡᠭᠦᠯᠵᠦ ᠪᠣᠯᠬᠤ ᠦᠭᠡᠢ᠂ ᠵᠢᠯ ᠤᠨ ᠲᠥᠰᠦᠪ ᠢ ᠬᠡᠷᠡᠭᠵᠢᠭᠦᠯᠬᠦ ᠳᠤ ᠲᠤᠬᠠᠶ ᠶᠢᠨ ᠵᠢᠯ ᠤᠨ ᠲᠥᠰᠦᠪ ᠠᠴᠠ ᠬᠡᠲᠦᠷᠡᠬᠦ ᠦᠭᠡᠢ᠂ ᠲᠥᠰᠦᠪ ᠦᠭᠡᠢ᠂ ᠲᠥᠰᠦᠪ ᠠᠴᠠ ᠳᠠᠪᠠᠭᠤᠯᠤᠨ ᠵᠠᠷᠤᠯᠭ᠎ᠠ ᠲᠣᠬᠢᠷᠠᠭᠤᠯᠬᠤ ᠶᠢ ᠴᠢᠩᠭ᠎ᠠ  ᠬᠤᠷᠢᠭᠯᠠᠨ᠎ᠠ᠃ ᠬᠤᠷᠠᠯ ᠤᠨ ᠰᠦᠢᠳᠬᠡᠯ᠂ ᠪᠣᠯᠪᠠᠰᠤᠷᠠᠭᠤᠯᠤᠯ ᠤᠨ ᠰᠦᠢᠳᠬᠡᠯ᠂ ᠵᠠᠮ ᠤᠨ ᠰᠦᠢᠳᠬᠡᠯ ᠲᠤᠰᠢᠶᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠪᠠᠷᠢᠮᠵᠢᠶ᠎ᠠ ᠠᠴᠠ ᠬᠡᠲᠦᠷᠡᠭᠦᠯᠬᠦ᠂ ᠬᠡᠪᠴᠢᠶ᠎ᠡ ᠠᠴᠠ ᠳᠠᠪᠠᠭᠤᠯᠤᠨ ᠵᠠᠷᠤᠴᠠᠭᠤᠯᠬᠤ ᠶᠢ ᠴᠢᠩᠭ᠎ᠠ ᠬᠤᠷᠢᠭᠯᠠᠨ᠎ᠠ᠃     ᠲᠠᠪᠤᠳᠤᠭᠠᠷ ᠵᠦᠢᠯ  ᠬᠤᠲᠠ ᠶᠢᠨ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠲᠣᠰ ᠵᠢᠯ ᠤᠨ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠠᠴᠠ ᠳᠡᠭᠡᠭᠰᠢᠬᠢ ᠣᠨ ᠤ ᠡᠳ᠋ ᠤᠨ ᠵᠠᠰᠠᠭ ᠤᠨ ᠲᠥᠰᠦᠪ ᠤᠨ ᠭᠦᠢᠴᠡᠳᠬᠡᠯ ᠤᠨ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢᠨ ᠲᠤᠭ᠎ᠠ ᠶᠢ ᠦᠨᠳᠦᠰᠦᠯᠡᠯ ᠪᠣᠯᠭᠠᠨ ᠬᠢᠵᠠᠭᠠᠷᠯᠠᠬᠤ ᠪᠤᠶᠤ ᠪᠠᠭᠠᠰᠬᠠᠬᠤ ᠬᠡᠷᠡᠭᠲᠡᠶ᠃ ᠡᠭᠦᠨ ᠳᠤ᠄ ︽ᠠᠯᠪᠠᠨ ᠶᠠᠪᠤᠳᠠᠯ ᠢᠶᠠᠷ ᠭᠠᠳᠠᠭᠠᠳᠤ ᠳᠤ ︵ᠬᠢᠯᠢ ᠠᠴᠠ︶ ᠭᠠᠷᠬᠤ ᠵᠠᠷᠤᠳᠠᠯ︾ ᠪᠣᠯᠤᠨ ︽ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠬᠤᠳᠠᠯᠳᠤᠨ ᠠᠪᠬᠤ ᠵᠠᠷᠤᠳᠠᠯ︾ ᠤᠨ ᠵᠠᠷᠤᠯᠭ᠎ᠠ ᠶᠢ ᠣᠨ ᠤ ᠲᠥᠰᠦᠪ ᠤᠨ ᠲᠣᠭᠠᠨ ᠤ ᠰᠠᠭᠤᠷᠢᠨ ᠳᠡᠭᠡᠷ᠎ᠡ ᠡᠵᠡᠮᠳᠡᠬᠦ ᠪᠤᠶᠤ ᠪᠠᠭᠠᠰᠬᠠᠵᠤ᠂ ︽ᠠᠯᠪᠠᠨ ᠶᠠᠪᠤᠳᠠᠯ ᠤᠨ ᠬᠦᠯᠢᠶᠡᠨ ᠠᠪᠴᠤ ᠵᠣᠴᠢᠯᠠᠬᠤ ᠵᠠᠷᠤᠳᠠᠯ︾ ᠪᠣᠯᠤᠨ ︽ᠠᠯᠪᠠᠨ ᠶᠠᠪᠤᠳᠠᠯ ᠤᠨ ᠬᠡᠷᠡᠭᠯᠡᠬᠦ ᠲᠡᠷᠭᠡ ᠶᠢᠨ ᠠᠵᠢᠯᠯᠠᠭᠠᠨ ᠢ ᠬᠠᠮᠠᠭᠠᠯᠠᠬᠤ ᠵᠠᠷᠤᠳᠠᠯ︾ ᠢ ᠲᠤᠰ ᠰᠠᠯᠠᠭ᠎ᠠ ᠮᠥᠴᠢᠷ᠂ ᠲᠤᠰ ᠨᠢᠭᠡᠴᠢ ᠶᠢᠨ ᠢᠶᠠᠨ ᠳᠡᠭᠡᠷ᠎ᠡ ᠵᠢᠯ ᠤᠨ ᠲᠥᠰᠦᠪ ᠤᠨ ᠭᠦᠢᠴᠡᠳᠬᠡᠯ ᠤᠨ ᠲᠤᠭ᠎ᠠ ᠪᠠᠷ ᠦᠨᠳᠦᠰᠦᠯᠡᠯ ᠪᠣᠯᠭᠠᠨ ᠡᠵᠡᠮᠳᠡᠬᠦ ᠪᠤᠶᠤ ᠪᠠᠭᠠᠰᠬᠠᠬᠤ ᠬᠡᠷᠡᠭᠲᠡᠶ᠃ ᠡᠩ ᠤᠨ ᠴᠢᠨᠠᠷᠲᠠᠶ ᠵᠠᠷᠤᠯᠭ᠎ᠠ ᠪᠠ ᠪᠠᠴᠢᠮ ᠪᠤᠰᠤ ᠴᠢᠨᠠᠷᠲᠠᠶ ᠪᠤᠰᠤ ᠵᠠᠷᠤᠯᠭ᠎ᠠ ᠶᠢ ᠳᠠᠷᠤᠵᠤ ᠳᠡᠶᠢᠯᠬᠦ ᠶᠢ ᠨᠢ ᠪᠦᠬᠦᠨ ᠢ ᠳᠠᠷᠤᠵᠤ᠂ ᠳᠠᠷᠤᠬᠤ ᠶᠣᠰᠣᠲᠠᠶ ᠶᠢ ᠨᠢ ᠪᠦᠬᠦᠨ ᠢ ᠳᠠᠷᠤᠵᠤ᠂ ᠦᠷ᠎ᠡ ᠠᠰᠢᠭ ᠢᠶᠠᠷ ᠳᠣᠤᠷ᠎ᠠ ᠪᠥᠭᠡᠳ ᠬᠦᠴᠦᠨ ᠥᠬᠡᠶ ᠵᠠᠷᠤᠯᠭ᠎ᠠ ᠶᠢ ᠪᠠᠭᠠᠰᠬᠠᠬᠤ ᠬᠡᠷᠡᠭᠲᠡᠶ᠃     ᠵᠢᠷᠭᠤᠳᠤᠭᠠᠷ ᠵᠦᠢᠯ  ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠡᠩ ᠤᠨ ᠴᠢᠨᠠᠷᠲᠠᠶ ᠵᠠᠷᠤᠯᠭ᠎ᠠ ᠪᠠ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢᠨ ᠲᠥᠰᠦᠪ ᠢ ᠴᠢᠩᠭ᠎ᠠ ᠬᠢᠵᠠᠭᠠᠷᠯᠠᠬᠤ ᠪᠠ ᠲᠣᠬᠢᠷᠠᠭᠤᠯᠬᠤ ᠵᠦᠢᠯᠡᠰ ᠢ ᠦᠨᠡᠨ ᠬᠦ ᠨᠡᠮᠡᠵᠦ ᠲᠣᠬᠢᠷᠠᠭᠤᠯᠬᠤ ᠴᠢᠬᠤᠯᠠᠲᠠᠶ ᠪᠣᠯ ᠡᠷᠬᠡᠪᠰᠢ ᠲᠣᠭᠲᠠᠭᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ ᠠᠵᠤ ᠠᠬᠤᠶ ᠶᠢᠨ ᠲᠥᠷᠥᠯ ᠬᠤᠪᠢᠶᠠᠬᠤ ᠵᠡᠷᠭᠡ ᠠᠷᠭ᠎ᠠ ᠮᠠᠶ᠋ᠢᠭ ᠢᠶᠠᠷ ᠡᠩ ᠤᠨ ᠴᠢᠨᠠᠷᠲᠠᠶ ᠵᠠᠷᠤᠯᠭ᠎ᠠ ᠪᠠ ︽ᠠᠯᠪᠠᠨ ᠤ ᠭᠤᠷᠪᠠᠨ ᠵᠠᠷᠤᠳᠠᠯ︾ ᠢ ᠬᠤᠤᠰᠯᠠᠨ ᠬᠡᠷᠡᠭᠯᠡᠵᠦ ᠪᠣᠯᠬᠤ ᠦᠭᠡᠶ᠃ ᠳ᠋ᠦᠩᠨᠡᠨ ᠰᠢᠯᠵᠢᠭᠦᠯᠦᠭᠰᠡᠨ ᠪᠡᠯᠡ ᠮᠥᠩᠭᠦ ᠶᠢ ᠵᠣᠬᠢᠬᠤ ᠲᠥᠷᠥᠯ ᠵᠦᠢᠯ ᠪᠠ ᠭᠠᠷᠴᠠᠭ ᠢ ᠴᠢᠩᠭ᠎ᠠ ᠵᠢᠷᠤᠮᠯᠠᠨ ᠬᠡᠷᠡᠭᠯᠡᠨ᠎ᠡ᠂ ᠲᠣᠭᠲᠠᠭᠠᠯ ᠠᠴᠠ ᠵᠥᠷᠢᠴᠡᠨ ᠡᠩ ᠤᠨ ᠴᠢᠨᠠᠷᠲᠠᠶ ᠵᠠᠷᠤᠯᠭ᠎ᠠ ᠪᠠ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠳᠤ ᠲᠣᠬᠢᠷᠠᠭᠤᠯᠤᠨ ᠬᠡᠷᠡᠭᠯᠡᠵᠦ ᠪᠣᠯᠬᠤ ᠦᠭᠡᠶ᠃     ᠳᠣᠯᠣᠳᠤᠭᠠᠷ ᠵᠦᠢᠯ  ᠠᠯᠪᠠᠨ ᠶᠠᠪᠤᠳᠠᠯ ᠢᠶᠠᠷ ᠭᠠᠳᠠᠭᠠᠳᠤ ᠳᠤ ︵ᠬᠢᠯᠢ ᠠᠴᠠ︶ ᠭᠠᠷᠬᠤ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠵᠤ ᠪᠠᠶᠢᠬᠤ  ᠰᠠᠯᠠᠭ᠎ᠠ ᠮᠦᠴᠢᠷ ︽ᠠᠯᠪᠠᠨ ᠶᠠᠪᠤᠳᠠᠯ ᠢᠶᠠᠷ ᠭᠠᠳᠠᠭᠠᠳᠤ ᠳᠤ ︵ᠬᠢᠯᠢ ᠠᠴᠠ︶ ᠭᠠᠷᠬᠤ ᠵᠠᠷᠤᠳᠠᠯ︾ ᠢ ᠡᠵᠡᠮᠳᠡᠬᠦ ᠪᠤᠶᠤ ᠪᠠᠭᠠᠰᠬᠠᠬᠤ ᠬᠠᠷᠢᠭᠤᠴᠠᠯᠭ᠎ᠠ ᠶᠢ ᠬᠠᠷᠢᠭᠤᠴᠠᠵᠤ᠂ ᠬᠤᠲᠠ ᠶᠢᠨ ᠲᠣᠰ ᠱᠠᠲᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠯᠪᠠᠨ ᠶᠠᠪᠤᠳᠠᠯ ᠢᠶᠠᠷ ᠭᠠᠳᠠᠭᠠᠳᠤ ᠳᠤ ︵ᠬᠢᠯᠢ ᠠᠴᠠ︶ ᠭᠠᠷᠬᠤ ᠶᠢ ᠵᠥᠪᠰᠢᠶᠡᠷᠡᠬᠦ ᠳᠡᠭᠡᠨ᠂ ᠵᠠᠷᠤᠳᠠᠯ ᠤᠨ ᠢᠷᠡᠯᠲᠡ ᠪᠠ ᠵᠢᠭᠰᠠᠭᠠᠨ ᠭᠠᠷᠭᠠᠬᠤ ᠠᠷᠭ᠎ᠠ ᠵᠠᠮ ᠢ ᠬᠢᠨᠠᠨ ᠬᠠᠷᠭᠤᠭᠤᠯᠵᠤ᠂ ᠲᠥᠰᠦᠪ ᠥᠬᠡᠶ᠂ ᠲᠥᠰᠦᠪ ᠠᠴᠠ ᠬᠡᠲᠦᠷᠡᠭᠦᠯᠦᠨ ᠵᠠᠷᠤᠴᠠᠭᠤᠯᠬᠤ ᠶᠢ ᠡᠷᠡᠰ ᠬᠤᠷᠢᠭᠯᠠᠨ᠎ᠠ᠃ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠵᠤ ᠪᠠᠶᠢᠭ᠎ᠠ ᠲᠡᠷᠭᠡ ᠬᠥᠰᠬᠡ ᠶᠢᠨ ᠣᠷᠣᠨ ᠲᠣᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ︽ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠬᠤᠳᠠᠯᠳᠤᠨ ᠠᠪᠬᠤ ᠵᠠᠷᠤᠳᠠᠯ︾ ᠢ ᠬᠢᠵᠠᠭᠠᠷᠯᠠᠬᠤ ᠪᠤᠶᠤ ᠪᠠᠭᠠᠰᠬᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠬᠤᠲᠠ ᠶᠢᠨ ᠲᠣᠰ ᠱᠠᠲᠤᠨ ᠤ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠬᠤᠳᠠᠯᠳᠤᠨ ᠠᠪᠬᠤ ᠶᠢ ᠵᠥᠪᠰᠢᠶᠡᠷᠡᠬᠦ ᠳᠡᠭᠡᠨ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠬᠤᠳᠠᠯᠳᠤᠨ ᠠᠪᠬᠤ ᠵᠠᠷᠤᠳᠠᠯ ᠤᠨ ᠢᠷᠡᠯᠲᠡ ᠪᠠ ᠵᠢᠭᠰᠠᠭᠠᠨ ᠭᠠᠷᠭᠠᠬᠤ ᠠᠷᠭ᠎ᠠ ᠵᠠᠮ ᠢ ᠬᠢᠨᠠᠨ ᠬᠠᠷᠭᠤᠭᠤᠯᠵᠤ᠂ ᠲᠥᠰᠦᠪ ᠥᠬᠡᠶ᠂ ᠲᠥᠰᠦᠪ ᠠᠴᠠ ᠬᠡᠲᠦᠷᠡᠭᠦᠯᠦᠨ ᠵᠠᠷᠤᠬᠤ ᠶᠢ ᠡᠷᠡᠰ ᠬᠤᠷᠢᠭᠯᠠᠬᠤ ᠬᠡᠷᠡᠭᠲᠡᠶ᠃     ᠨᠠᠢᠮᠠᠳᠤᠭᠠᠷ ᠵᠦᠢᠯ  ᠡᠯ᠎ᠡ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠪᠣᠯ ᠡᠩ ᠤᠨ ᠴᠢᠨᠠᠷᠲᠠᠶ ᠵᠠᠷᠤᠯᠭ᠎ᠠ ᠪᠣᠯᠤᠨ ︽ᠠᠯᠪᠠᠨ ᠤ ᠭᠤᠷᠪᠠᠨ ᠵᠠᠷᠤᠳᠠᠯ︾ ᠤᠨ ᠵᠠᠷᠤᠳᠠᠯ ᠢ ᠬᠢᠵᠠᠭᠠᠷᠯᠠᠬᠤ ᠪᠤᠶᠤ ᠪᠠᠭᠠᠰᠬᠠᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤᠷ᠂ ᠡᠳ᠋ ᠤᠨ ᠵᠠᠰᠠᠭ ᠠᠴᠠ ᠵᠣᠭᠤᠰ ᠰᠠᠯᠭᠠᠨ ᠥᠭᠬᠦ ᠪᠡᠯᠡ ᠮᠥᠩᠭᠦ ᠶᠢ ᠪᠠᠭᠠᠰᠬᠠᠬᠤ ᠮᠥᠷᠲᠡᠭᠡᠨ ᠪᠠᠰᠠ ᠡᠳ᠋ ᠤᠨ ᠵᠠᠰᠠᠭ ᠠᠴᠠ ᠵᠣᠭᠤᠰ ᠰᠠᠯᠭᠠᠨ ᠥᠭᠬᠦ ᠪᠡᠯᠡ ᠮᠥᠩᠭᠦ ᠶᠢ ᠠᠷᠪᠢᠯᠠᠬᠤ ᠬᠡᠷᠡᠭᠲᠡᠶ᠃ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠪᠣᠯᠤᠨ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠨᠢ ᠡᠩ ᠤᠨ ᠴᠢᠨᠠᠷᠲᠠᠶ ᠵᠠᠷᠤᠯᠭ᠎ᠠ ᠪᠣᠯᠤᠨ ︽ᠠᠯᠪᠠᠨ ᠤ ᠭᠤᠷᠪᠠᠨ ᠵᠠᠷᠤᠳᠠᠯ︾ ᠢ ᠡᠵᠡᠮᠳᠡᠬᠦ ᠪᠤᠶᠤ ᠪᠠᠭᠠᠰᠬᠠᠬᠤ ᠠᠵᠢᠯ ᠢ ᠦᠨᠡᠨᠬᠦ ᠰᠠᠶᠢᠲᠤᠷ ᠬᠢᠵᠦ᠂ ᠲᠤᠰ ᠨᠢᠭᠡᠴᠢ ᠶᠢᠨ ᠢᠶᠠᠨ ᠡᠳ᠋ ᠤᠨ ᠶᠠᠪᠤᠳᠠᠯ ᠤᠨ ᠰᠠᠯᠠᠭ᠎ᠠ ᠮᠥᠴᠢᠷ ᠤᠨ ︽ᠠᠯᠪᠠᠨ ᠤ ᠭᠤᠷᠪᠠᠨ ᠵᠠᠷᠤᠳᠠᠯ︾ ᠤᠨ ᠬᠠᠮᠢᠶᠠᠷᠤᠯᠲᠠ ᠶᠢᠨ ᠡᠬᠡ ᠳᠠᠩᠰᠠ ᠪᠣᠯᠤᠨ ᠡᠩ ᠤᠨ ᠴᠢᠨᠠᠷᠲᠠᠶ ᠵᠠᠷᠤᠯᠭ᠎ᠠ ᠶᠢᠨ ᠪᠠᠭᠠᠰᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠠᠷᠭᠤᠭᠤᠯᠤᠨ ᠪᠠᠶᠢᠴᠠᠭᠠᠵᠤ᠂ ᠲᠤᠰ ᠨᠢᠭᠡᠴᠢ ᠶᠢᠨ ᠢᠶᠠᠨ ᠡᠩ ᠤᠨ ᠴᠢᠨᠠᠷᠲᠠᠶ ᠵᠠᠷᠤᠯᠭ᠎ᠠ ᠪᠣᠯᠤᠨ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢ ᠡᠵᠡᠮᠳᠡᠬᠦ ᠪᠠ ᠪᠠᠭᠠᠰᠬᠠᠬᠤ ᠱᠠᠭᠠᠷᠳᠠᠯᠭ᠎ᠠ ᠳᠤ ᠨᠡᠶᠢᠴᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃     ᠶᠢᠰᠦᠳᠦᠭᠡᠷ ᠵᠦᠢᠯ  ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ︽ᠠᠯᠪᠠᠨ ᠤ ᠭᠤᠷᠪᠠᠨ ᠵᠠᠷᠤᠳᠠᠯ︾ ᠤᠨ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠵᠤ᠂ ᠲᠥᠰᠦᠪ ᠤᠨ ᠨᠢᠭᠡᠴᠢ ᠶᠢᠨ ᠡᠩ ᠤᠨ ᠴᠢᠨᠠᠷᠲᠠᠶ ᠵᠠᠷᠤᠯᠭ᠎ᠠ ᠪᠠ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ︔ ᠡᠭᠦᠨ ᠤ ᠬᠠᠮᠲᠤ ᠡᠩ ᠤᠨ ᠴᠢᠨᠠᠷᠲᠠᠶ ᠵᠠᠷᠤᠯᠭ᠎ᠠ ᠪᠠ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢᠨ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠥᠰᠦᠪ ᠤᠨ ᠨᠢᠭᠡᠴᠢ ᠶᠢᠨ ᠡᠩ ᠤᠨ ᠴᠢᠨᠠᠷᠲᠠᠶ ᠵᠠᠷᠤᠯᠭ᠎ᠠ ᠪᠠ ︽ᠠᠯᠪᠠᠨ ᠤ ᠭᠤᠷᠪᠠᠨ ᠵᠠᠷᠤᠳᠠᠯ︾ ᠤᠨ ᠬᠡᠷᠡᠭᠴᠡᠭᠡ ᠱᠠᠭᠠᠷᠳᠠᠯᠭ᠎ᠠ ᠬᠢᠭᠡᠳ ︽ᠠᠷᠪᠢᠯᠠᠨ ᠭᠠᠮᠨᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃     ᠠᠷᠪᠠᠳᠤᠭᠠᠷ ᠵᠦᠢᠯ  ᠬᠤᠲᠠ ᠶᠢᠨ ᠲᠤᠰ ᠱᠠᠲᠤᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠢ ᠶᠢᠨ ᠨᠢᠭᠲᠠᠯᠠᠨ ᠪᠣᠳᠣᠬᠤ ᠲᠣᠭᠠᠴᠠᠭ᠎ᠠ ᠶᠢ ᠴᠠᠭ ᠲᠤᠬᠠᠶ ᠳᠤᠨᠢ ᠪᠡᠶᠡᠯᠡᠭᠦᠯᠬᠦ ᠶᠢᠨ ᠬᠠᠮᠲᠤ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠪᠣᠯᠤᠨ ᠣᠨᠣᠪᠴᠢᠲᠤ ᠴᠢᠨᠠᠷ ᠲᠤ ᠬᠠᠷᠢᠭᠤᠴᠠᠨ᠎ᠠ᠃ ᠲᠤᠭ᠎ᠠ ᠪᠠᠷᠢᠮᠲᠠ ᠶᠢ ᠮᠡᠳᠡᠭᠦᠯᠦᠨ ᠬᠦᠷᠭᠡᠬᠦ ᠲᠣᠭᠲᠠᠴᠠ ᠶᠢ ᠲᠡᠭᠦᠯᠳᠡᠷᠵᠢᠭᠦᠯᠵᠦ᠂ ᠲᠥᠰᠦᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠤᠭᠰᠠᠨ ᠰᠢᠰᠲ᠋ᠧᠮ ᠳᠤ ᠲᠦᠰᠢᠭᠯᠡᠨ ︽ᠠᠯᠪᠠᠨ ᠤ ᠭᠤᠷᠪᠠᠨ ᠵᠠᠷᠤᠳᠠᠯ︾ ᠤᠨ ᠳᠠᠩᠰᠠ ᠶᠠᠪᠤᠳᠠᠯ ᠢ ᠰᠢᠢᠳᠪᠦᠷᠢᠯᠡᠬᠦ ᠶᠢ ᠵᠢᠷᠤᠮᠵᠢᠭᠤᠯᠵᠤ᠂ ᠲᠤᠭ᠎ᠠ ᠪᠠᠷᠢᠮᠲᠠ ᠶᠢᠨ ᠪᠦᠷᠢᠨ ᠪᠦᠲᠦᠨ᠂ ᠦᠨᠡᠨ ᠪᠣᠳᠠᠲᠠᠶ᠂ ᠣᠨᠣᠪᠴᠢᠲᠠᠶ ᠪᠠᠶᠢᠬᠤ ᠶᠢ ᠪᠠᠲᠤᠯᠠᠬᠤ ᠶᠢᠨ ᠬᠠᠮᠲᠤ᠂ ᠲᠣᠭᠲᠠᠭᠠᠯ ᠶᠣᠰᠣᠭᠠᠷ ᠲᠥᠰᠦᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠤᠭᠰᠠᠨ ᠰᠢᠰᠲ᠋ᠧᠮ ᠢᠶᠠᠷ ᠳᠠᠮᠵᠢᠭᠤᠯᠤᠨ ︽ᠠᠯᠪᠠᠨ ᠤ ᠭᠤᠷᠪᠠᠨ ᠵᠠᠷᠤᠳᠠᠯ︾ ᠤᠨ ᠰᠠᠷ᠎ᠠ ᠪᠠᠷ ᠮᠡᠳᠡᠭᠦᠯᠬᠦ᠂ ᠤᠯᠠᠷᠢᠯ ᠢᠶᠠᠷ ᠮᠡᠳᠡᠭᠦᠯᠬᠦ᠂ ᠣᠨ ᠤ ᠮᠡᠳᠡᠭᠦᠯᠦᠯᠲᠡ ᠶᠢᠨ ᠠᠵᠢᠯ ᠢ ᠪᠡᠶᠡᠯᠡᠭᠦᠯᠵᠦ᠂ ᠲᠤᠭ᠎ᠠ ᠪᠠᠷᠢᠮᠲᠠ ᠶᠢ ᠮᠡᠳᠡᠭᠦᠯᠦᠨ ᠬᠦᠷᠭᠡᠬᠦ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠬᠠᠮᠲᠤ ᠡᠩ ᠤᠨ ᠴᠢᠨᠠᠷᠲᠠᠶ ᠵᠠᠷᠤᠯᠭ᠎ᠠ ᠶᠢᠨ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠵᠦ᠂ ᠲᠠᠷᠠᠭᠠᠴᠢ ᠶᠢᠨ ᠠᠯᠬᠤᠮ ᠤᠨ ᠲᠥᠰᠦᠪ ᠢ ᠨᠢᠭᠡ ᠴᠣᠭᠴᠠᠵᠢᠭᠤᠯᠤᠭᠰᠠᠨ ᠰᠢᠰᠲ᠋ᠧᠮ ᠤᠨ ᠭᠠᠷᠭᠠᠨ ᠠᠪᠤᠭᠰᠠᠨ ᠲᠤᠭ᠎ᠠ ᠪᠠᠷᠢᠮᠲᠠ ᠶᠢ ᠪᠦᠷᠢᠳᠬᠡᠨ ᠳᠡᠭᠡᠭᠰᠢ ᠮᠡᠳᠡᠭᠦᠯᠬᠦ ᠳᠤ ᠰᠠᠭᠤᠷᠢ ᠲᠠᠯᠪᠢᠬᠤ ᠬᠡᠷᠡᠭᠲᠡᠶ᠃     ᠭᠤᠷᠪᠠᠳᠤᠭᠠᠷ ᠪᠦᠯᠦᠭ   ᠬᠢᠨᠠᠯᠲᠠ ᠬᠠᠮᠢᠶᠠᠷᠤᠯᠲᠠ     ᠠᠷᠪᠠᠨ ᠨᠢᠭᠡᠳᠦᠭᠡᠷ ᠵᠦᠢᠯ  ᠬᠤᠲᠠ ᠶᠢᠨ ᠲᠤᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠡᠩ ᠤᠨ ᠴᠢᠨᠠᠷᠲᠠᠶ ᠵᠠᠷᠤᠯᠭ᠎ᠠ ᠪᠠ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ ᠬᠢᠵᠠᠭᠠᠷᠯᠠᠬᠤ ᠪᠤᠶᠤ ᠪᠠᠭᠠᠰᠬᠠᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠭᠰᠠᠨ ᠤ ᠬᠤᠪᠢ ᠳᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ︽ᠠᠯᠪᠠᠨ ᠤ ᠭᠤᠷᠪᠠᠨ ᠵᠠᠷᠤᠳᠠᠯ︾ ᠪᠣᠯᠤᠨ ᠡᠩ ᠤᠨ ᠴᠢᠨᠠᠷᠲᠠᠶ ᠵᠠᠷᠤᠯᠭ᠎ᠠ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠵᠦ᠂ ᠳᠣᠲᠣᠭᠠᠳᠤ ᠶᠢᠨ ᠲᠥᠰᠦᠪ᠂ ᠡᠳ᠋ ᠤᠨ ᠶᠠᠪᠤᠳᠠᠯ᠂ ᠡᠳ᠋ ᠬᠥᠷᠥᠩᠭᠡ ᠵᠡᠷᠭᠡ ᠲᠠᠯ᠎ᠠ ᠶᠢᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠶ︔ ︽ᠬᠡᠨ ᠵᠣᠭᠤᠰ ᠵᠠᠷᠤᠪᠠᠯ ᠬᠡᠨ ᠬᠠᠷᠢᠭᠤᠴᠠᠬᠤ︾ ᠶᠢ ᠪᠠᠷᠢᠮᠲᠠᠯᠠᠵᠤ᠂ ᠪᠣᠳᠠᠲᠤ ᠠᠮᠵᠢᠯᠲᠠ ᠪᠦᠲᠦᠮᠵᠢ ᠪᠠ ᠦᠷ᠎ᠡ ᠪᠦᠲᠦᠮᠵᠢ ᠶᠢ ᠴᠢᠩᠭᠠᠳᠬᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠢ᠃    ᠠᠷᠪᠠᠨ ᠬᠤᠶᠠᠳᠤᠭᠠᠷ ᠵᠦᠢᠯ  ᠬᠤᠲᠠ ᠶᠢᠨ ᠲᠤᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ︽ᠠᠯᠪᠠᠨ ᠤ ᠭᠤᠷᠪᠠᠨ ᠵᠠᠷᠤᠳᠠᠯ︾ ᠢᠶᠠᠨ ᠨᠢᠭᠤᠨ ᠳᠠᠯᠳᠠᠯᠠᠵᠤ ᠰᠢᠯᠵᠢᠭᠦᠯᠦᠨ ᠥᠭᠬᠦ ᠶᠢ ᠴᠢᠩᠭ᠎ᠠ ᠬᠤᠷᠢᠭᠯᠠᠵᠤ᠂ ᠪᠠᠷᠢᠮᠵᠢᠶ᠎ᠠ ᠠᠴᠠ ᠳᠠᠪᠠᠭᠰᠠᠨ᠂ ᠬᠡᠪᠴᠢᠶ᠎ᠡ ᠠᠴᠠ ᠳᠠᠪᠠᠭᠤᠯᠤᠭᠰᠠᠨ ᠪᠠ ᠵᠢᠯ ᠤᠨ ᠡᠴᠦᠰ ᠲᠤ ᠡᠩ ᠤᠨ ᠴᠢᠨᠠᠷᠲᠠᠢ ᠵᠠᠷᠤᠯᠭ᠎ᠠ ᠪᠠ ︽ᠠᠯᠪᠠᠨ ᠤ ᠭᠤᠷᠪᠠᠨ ᠵᠠᠷᠤᠳᠠᠯ︾ ᠢ ᠭᠡᠨᠡᠳᠡᠭᠦᠯᠦᠨ ᠭᠠᠷᠭᠠᠵᠤ ᠪᠣᠯᠬᠤ ᠦᠭᠡᠢ᠃ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠡᠩ ᠤᠨ ᠴᠢᠨᠠᠷᠲᠠᠢ ᠵᠠᠷᠣᠯᠭ᠎ᠠ ᠪᠠ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢᠨ ᠪᠦᠭᠦ ᠴᠣᠪᠤᠷᠠᠯ ᠤᠨ ᠬᠠᠮᠢᠶᠠᠷᠣᠯᠲᠠ ᠶᠢ ᠣᠢᠷᠭᠦᠯᠵᠢᠯᠠᠨ ᠴᠢᠩᠭᠠᠳᠬᠠᠬᠤ ᠶᠢᠨ ᠬᠠᠮᠲᠤ ᠴᠠᠭ ᠲᠠᠭᠠᠨ ᠬᠢᠨᠠᠨ ᠪᠠᠶᠢᠴᠠᠭᠠᠵᠤ᠂ ᠳᠦᠰᠣᠪ ᠢ ᠬᠡᠷᠡᠭᠵᠢᠭᠦᠯᠬᠦ ᠳᠣᠮᠲᠠ ᠣᠯᠵᠤ ᠮᠡᠳᠡᠭᠰᠡᠨ ᠳᠣᠬᠲᠠᠭᠠᠯ ᠪᠠ ᠰᠠᠭᠢᠯᠭ᠎ᠠ ᠪᠠᠲᠤ ᠠᠴᠠ ᠵᠦᠷᠢᠴᠡᠭᠰᠡᠨ ᠠᠰᠠᠭᠤᠲᠠᠯ ᠢ ᠣᠯᠵᠤ ᠮᠠᠲᠠᠪᠡᠯ ᠴᠢᠩᠭ᠎ᠠ ᠰᠢᠢᠣᠠᠪᠤᠷᠢᠯᠠᠭᠦ ᠬᠡᠷᠡᠭᠲᠡᠢ᠃    ᠳᠥᠷᠪᠡᠳᠦᠭᠡᠷ ᠪᠦᠯᠦᠭ  ᠳᠠᠭᠠᠯᠳᠤᠭᠤᠯᠤᠯ ᠳᠦᠷᠢᠮ    ᠠᠷᠪᠠᠨ ᠭᠤᠷᠪᠠᠳᠤᠭᠠᠷ ᠵᠦᠢᠯ  ᠲᠣᠰ ᠠᠷᠭ᠎ᠠ ᠶᠢ ᠬᠡᠷᠡᠭᠵᠢᠭᠦᠯᠬᠦ ᠬᠤᠭᠤᠴᠠᠭᠠᠨ ᠳᠤ᠂ ᠬᠡᠷᠪᠡ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠡᠩ ᠤᠨ ᠴᠢᠨᠠᠷᠲᠠᠶ ᠵᠠᠷᠤᠯᠭ᠎ᠠ ᠪᠠ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢᠨ ᠬᠠᠮᠢᠶᠠᠷᠤᠯᠲᠠ ᠶᠢᠨ ᠬᠠᠮᠤᠭ ᠤᠨ ᠰᠢᠨ᠎ᠡ ᠲᠣᠭᠲᠠᠭᠠᠯ ᠢ ᠨᠡᠶᠢᠲᠡᠯᠡᠬᠦ ᠳᠤ ᠭᠦᠷᠪᠡᠯ᠂ ᠲᠡᠷᠡ ᠲᠣᠭᠲᠠᠭᠠᠯ ᠢ ᠵᠢᠷᠤᠮᠯᠠᠨ᠎ᠠ᠃    ᠠᠷᠪᠠᠨ ᠳᠥᠷᠪᠡᠳᠦᠭᠡᠷ ᠵᠦᠢᠯ   ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ 5 ᠵᠢᠯ ᠪᠣᠯᠤᠨ᠎ᠠ᠃ ︽︿ᠤᠯᠠᠭᠠᠨᠴᠠᠪ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠠᠴᠠ ᠵᠣᠭᠤᠰ ᠰᠠᠯᠭᠠᠨ ᠥᠭᠬᠦ ︿ᠠᠯᠪᠠᠨ ᠤ ᠭᠤᠷᠪᠠᠨ ᠵᠠᠷᠤᠳᠠᠯ﹀ ᠤᠨ ᠵᠠᠷᠤᠯᠭ᠎ᠠ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠤᠯᠠᠭᠠᠨᠴᠠᠪ ᠵᠠᠰᠠᠭ ᠠᠯᠪᠠᠨ ᠥᠰᠥᠭ ︹2015︺ 7 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃    ᠠᠷᠪᠠᠨ ᠲᠠᠪᠤᠳᠤᠭᠠᠷ ᠵᠦᠢᠯ   ᠲᠣᠰ ᠠᠷᠭ᠎ᠠ ᠶᠢ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃                                                    ᠣᠷᠴᠢᠭᠤᠯᠤᠭᠴᠢ᠄ ᠭᠤᠸ᠎ᠠ                                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2