ᠡᠨᠡ ᠵᠢᠯ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ︽ᠵᠠᠰᠠᠭ ᠤᠨ ᠣᠷᠳᠣᠨ ᠤ | ᠬᠤᠳᠠᠯᠳᠤᠨ ᠠᠪᠬᠤ ᠬᠠᠤᠯᠢ︾ ᠪᠠ ᠬᠤᠯᠪᠣᠭᠳᠠᠯ ᠪᠦᠬᠦᠢ ᠬᠡᠷᠡᠭᠵᠢᠭᠦᠯᠬᠦ ᠳᠦᠷᠢᠮ ᠢ ᠨᠠᠷᠢᠨ ᠬᠢᠨᠠᠮᠠᠭᠠᠢ | ᠲᠤᠭᠤᠰᠢᠯᠠᠭᠤᠯᠤᠨ ᠬᠡᠷᠡᠭᠵᠢᠭᠦᠯᠵᠦ᠂ ︽ᠭᠠᠷ ᠬᠦᠢᠴᠡᠳᠭᠡᠯ ᠲᠦᠬᠦᠮ᠂ ᠭᠤᠭᠴᠤᠭ᠎ᠠ ᠴᠥᠭᠡᠨ᠂ ᠥᠪᠡᠷ ᠤᠨ | ᠥᠷᠲᠡᠭ ᠳᠣᠣᠷ᠎ᠠ᠂ ᠦᠷ᠎ᠡ ᠪᠦᠲᠦᠮᠵᠢ ᠦᠨᠳᠦᠷ︾ ᠢᠶᠠᠷ ᠬᠠᠷᠠᠯᠲᠠ ᠪᠣᠯᠭᠠᠵᠤ᠂ ︽ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ ᠶᠠᠪᠤᠴᠠ ᠶᠢ ᠰᠢᠯᠢᠳᠡᠭᠵᠢᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠪᠠᠷ ᠭᠤᠣᠯᠳᠠᠯᠭ᠎ᠠ | ᠪᠣᠯᠭᠠᠵᠤ᠂ ᠪᠦᠬᠦ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠳᠡᠭᠡᠭᠰᠢᠯᠡᠭᠦᠯᠬᠦ ᠶᠢ ᠨᠥᠯᠥᠭᠡᠯᠡᠬᠦ ︽ᠡᠪᠡᠷᠰᠢᠶᠡᠯ︾ ᠪᠠ ︽ᠲᠦᠭᠵᠢᠷᠡᠯ︾ ᠲᠠᠢ ᠨᠢᠭᠲᠠ | ᠤᠶᠠᠯᠳᠤᠭᠤᠯᠤᠨ᠂ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠲᠦᠪᠰᠢᠨ ᠲᠠᠢ ᠬᠠᠷᠢᠴᠠᠭᠤᠯᠵᠤ᠂ ᠵᠠᠰᠠᠭ ᠤᠨ | ᠣᠷᠳᠣᠨ ᠤ ᠬᠤᠳᠠᠯᠳᠤᠨ ᠠᠪᠬᠤ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠭᠦᠷᠭᠡ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠤᠰᠬᠠᠢ ᠵᠠᠰᠠᠯᠲᠠ ᠶᠢ ᠬᠦᠴᠦᠯᠡᠨ | ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ︽ᠵᠠᠰᠠᠭ ᠤᠨ ᠣᠷᠳᠣᠨ ᠤ | ᠬᠤᠳᠠᠯᠳᠤᠨ ᠠᠪᠬᠤ︾ ᠭᠦᠢᠴᠡᠳᠭᠡᠯ ᠲᠤᠭ᠎ᠠ ᠶᠢᠨ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ | ᠴᠢᠷᠮᠠᠶᠢᠨ ᠠᠬᠢᠭᠤᠯᠪᠠ᠃ | 10 ᠰᠠᠷ᠎ᠠ ᠶᠢᠨ ᠰᠡᠬᠦᠯᠴᠢ ᠪᠣᠯᠲᠠᠯ᠎ᠠ᠂ ᠬᠤᠲᠠ ᠶᠢᠨ ᠲᠣᠰ ᠱᠠᠲᠤᠨ ᠤ ᠡᠯ᠎ᠡ ᠲᠥᠰᠦᠪ ᠤᠨ ᠨᠢᠭᠡᠴᠢ ᠶᠢᠨ | ᠬᠤᠳᠠᠯᠳᠤᠨ ᠠᠪᠬᠤ ᠲᠥᠰᠦᠪ ᠤᠨ ᠶᠡᠷᠦᠩᠬᠡᠶ ᠵᠣᠭᠤᠰ ᠤᠨ ᠲᠤᠭ᠎ᠠ ᠨᠡᠶᠢᠲᠡ 44922 ᠲᠦᠮᠡᠨ ᠲᠥᠭᠦᠷᠢᠭ ᠢ | ᠪᠡᠶᠡᠯᠡᠭᠦᠯᠵᠦ᠂ ᠬᠤᠳᠠᠯᠳᠤᠨ ᠠᠪᠬᠤ ᠳᠠᠭᠠᠭᠠᠴᠢᠯᠠᠯᠲᠠ ᠣᠯᠤᠭᠰᠠᠨ ᠵᠣᠭᠤᠰ ᠤᠨ ᠲᠤᠭ᠎ᠠ 42865 ᠲᠦᠮᠡᠨ | ᠲᠥᠭᠦᠷᠢᠭ ᠲᠤ ᠬᠦᠷᠴᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠤᠶ ᠪᠦᠬᠦᠢ ᠲᠥᠷᠥᠯ ᠵᠦᠢᠯ ᠴᠥᠮ ︽ | ᠠᠭᠤᠯᠵᠠᠬᠤ ᠦᠭᠡᠢ︾ ᠪᠠᠷ ᠳᠠᠭᠠᠭᠠᠴᠢᠯᠠᠯᠲᠠ ᠨᠡᠶᠢᠲᠡᠯᠡᠬᠦ ᠶᠢ ᠪᠡᠶᠡᠯᠡᠭᠦᠯᠵᠦ᠂ ᠣᠨᠳᠣᠤ ᠭᠠᠵᠠᠷ ᠠᠴᠠ | ᠳᠠᠭᠠᠭᠠᠴᠢᠯᠠᠯᠲᠠ ᠦᠨᠡᠯᠡᠭᠰᠡᠨ ᠨᠣᠷᠮ᠎ᠠ 100% ᠳᠤ ᠬᠦᠷᠪᠡ᠃ | | | | | |