| | ᠴᠠᠭ᠄ 2014 - 11 - 08 | ᠰᠤᠷᠪᠤᠯᠵᠢᠯᠠᠭ᠎ᠠ ᠬᠦᠯᠢᠶᠡᠭᠴᠢ᠄ ᠤᠯᠠᠭᠠᠨᠴᠠᠪ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶᠠᠨ ᠤ | ᠳᠡᠳ᠋ ᠳᠠᠷᠤᠭ᠎ᠠ ᠲᠢᠶᠠᠨ ᠬᠠᠢ ᠵᠢᠶᠦ᠋ᠨ | ᠲᠣᠪᠴᠢ ᠠᠭᠤᠯᠭ᠎ᠠ᠄ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠪᠦᠬᠦ ᠲᠠᠯ᠎ᠠ ᠪᠠᠷ ᠠᠬᠢᠭᠤᠯᠬᠤ | ᠪᠣᠯ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ | ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠪᠣᠳᠠᠲᠠᠢ ᠢᠯᠡᠷᠡᠯ ᠪᠣᠯᠤᠨ᠎ᠠ᠃ ᠮᠥᠨ ᠴᠢᠨᠠᠷ ᠤᠨ | ᠲᠠᠯ᠎ᠠ ᠠᠴᠠ ᠠᠪᠴᠤ ᠬᠡᠯᠡᠪᠡᠯ᠂ ᠵᠠᠬᠢᠳᠠᠯ ᠰᠤᠷᠪᠤᠯᠵᠢᠯᠠᠯ ᠤᠨ ᠠᠵᠢᠯ ᠢ ᠬᠠᠤᠯᠢ ᠪᠠᠷ ᠵᠠᠰᠠᠬᠤ ᠵᠠᠮ ᠳᠤ ᠪᠦᠬᠦ | ᠲᠠᠯ᠎ᠠ ᠪᠠᠷ ᠣᠷᠣᠭᠤᠯᠵᠤ᠂ ᠵᠠᠬᠢᠳᠠᠯ ᠰᠤᠷᠪᠤᠯᠵᠢᠯᠠᠯ ᠤᠨ ᠠᠵᠢᠯᠯᠠᠭ᠎ᠠ ᠶᠢᠨ ᠬᠠᠤᠯᠢ ᠴᠠᠭᠠᠵᠠ ᠶᠢᠨ ᠪᠣᠷᠣ ᠲᠥᠯᠥᠪ | ᠳᠣᠲᠣᠷ᠎ᠠ ᠶᠠᠪᠤᠭᠳᠠᠬᠤ ᠶᠢ ᠦᠨᠡᠨᠬᠦ ᠪᠠᠲᠤᠯᠠᠵᠤ᠂ ᠵᠠᠬᠢᠳᠠᠯ ᠰᠤᠷᠪᠤᠯᠵᠢᠯᠠᠯ ᠬᠢᠭᠰᠡᠳ ᠤᠨ ᠬᠠᠤᠯᠢ ᠶᠣᠰᠣᠨ ᠤ ᠡᠷᠬᠡ | ᠠᠰᠢᠭ ᠢ ᠪᠠᠲᠤᠯᠠᠨ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠬᠠᠮᠠᠭᠠᠯᠠᠬᠤ ᠬᠡᠷᠡᠭᠲᠡᠶ᠃ | ᠭᠤᠣᠯᠳᠠᠯᠭ᠎ᠠ ᠲᠠᠢ ᠡᠭᠦᠷᠭᠡ ᠪᠣᠯ ᠤᠷᠢᠳᠴᠢᠯᠠᠨ ᠰᠡᠷᠭᠡᠶᠢᠯᠡᠬᠦ᠂ ᠬᠦᠯᠢᠶᠡᠨ ᠠᠪᠴᠤ ᠰᠢᠢᠳᠪᠦᠷᠢᠯᠡᠬᠦ᠂ ᠰᠢᠢᠳᠪᠦᠷᠢᠯᠡᠬᠦ᠂ | ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠭᠦᠨᠵᠡᠭᠡᠢ ᠠᠬᠢᠭᠤᠯᠬᠤ᠂ ᠡᠮᠬᠢ ᠳᠢᠭᠯᠢᠮ ᠢ ᠬᠠᠮᠠᠭᠠᠯᠠᠬᠤ ︽ | ᠲᠠᠪᠤ ᠶᠢ ᠬᠠᠤᠯᠢᠵᠢᠭᠤᠯᠬᠤ︾ ᠶᠢ ᠭᠦᠨᠵᠡᠭᠡᠢ ᠠᠬᠢᠭᠤᠯᠬᠤ ᠶᠠᠪᠤᠳᠠᠯ ᠪᠣᠯᠤᠨ᠎ᠠ︔ ᠬᠠᠷᠠᠯᠲᠠ ᠪᠣᠯ ᠤᠯᠠᠨ ᠲᠦᠮᠡᠨ ᠤ | ᠭᠤᠮᠣᠳᠠᠯ ᠱᠠᠭᠠᠷᠳᠠᠯᠭ᠎ᠠ ᠨᠢᠭᠡᠪᠦᠷᠢ ᠶᠢ ᠴᠥᠮ ᠰᠢᠢᠳᠪᠦᠷᠢᠯᠡᠬᠦ ᠬᠥᠮᠦᠨ ᠲᠠᠢ᠂ ᠭᠤᠮᠣᠳᠠᠯ ᠱᠠᠭᠠᠷᠳᠠᠯᠭ᠎ᠠ ᠨᠢᠭᠡᠪᠦᠷᠢ ᠶᠢ | ᠴᠥᠮ ᠬᠠᠤᠯᠢ ᠶᠣᠰᠣᠭᠠᠷ ᠠᠬᠢᠭᠤᠯᠬᠤ ᠶᠢ ᠪᠠᠲᠤᠯᠠᠬᠤ ᠶᠠᠪᠤᠳᠠᠯ ᠪᠣᠯᠤᠨ᠎ᠠ᠃ | ᠰᠤᠷᠪᠤᠯᠵᠢᠯᠠᠭ᠎ᠠ ᠶᠢᠨ ᠪᠣᠳᠠᠳᠤ ᠲᠡᠮᠳᠡᠭᠯᠡᠯ | 【 ᠰᠤᠷᠪᠤᠯᠵᠢᠯᠠᠭᠴᠢ 】 ᠨᠢᠭᠤᠷᠳᠡᠨ ᠰᠠᠭᠤᠵᠤ ᠬᠠᠤᠯᠢ ᠲᠦᠭᠡᠮᠡᠯᠵᠢᠭᠦᠯᠵᠤ᠂ ᠤᠯᠠᠨ ᠲᠦᠮᠡᠨ ᠳᠤ | ᠦᠢᠯᠡᠴᠢᠯᠡᠨ᠎ᠡ᠃ ᠦᠵᠡᠭᠴᠢᠳ ᠨᠠᠶᠢᠵᠠ ᠨᠠᠷ ᠡ᠂ ᠲᠠ ᠪᠦᠬᠦᠨ ᠰᠠᠶᠢᠨ ᠪᠠᠶᠢᠨ᠎ᠠ ᠦᠦ︕ ᠲᠤᠰ ᠬᠤᠭᠤᠴᠠᠭᠠᠨ ᠤ | ᠨᠡᠪᠲᠡᠷᠡᠭᠦᠯᠭᠡ ᠶᠢ ᠬᠦᠯᠢᠶᠡᠨ ᠠᠪᠴᠤ ᠦᠵᠡᠭᠰᠡᠨ ᠳᠤ ᠪᠠᠶᠠᠷᠯᠠᠯ᠎ᠠ᠃ 2024 ᠤᠨ ᠪᠣᠯ ︽ᠵᠠᠬᠢᠳᠠᠯ | ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠬᠡᠷᠡᠭᠵᠢᠭᠦᠯᠦᠭᠰᠡᠨ 2 ᠵᠢᠯ ᠤᠨ ᠤᠢ ᠪᠣᠯᠣᠨ᠎ᠠ᠂ ᠮᠥᠨᠴᠦ ᠵᠠᠬᠢᠳᠠᠯ | ᠰᠣᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠡᠬᠢᠯᠡᠯᠲᠡ ᠶᠢᠨ ᠵᠢᠯ | ᠪᠣᠯᠣᠨ᠎ᠠ᠂ ᠥᠨᠥᠳᠦᠷ ᠪᠢᠳᠡ ᠤᠯᠠᠭᠠᠨᠴᠠᠪ ᠬᠤᠳᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠳᠡᠳ᠋ | ᠳᠠᠷᠤᠭ᠎ᠠ ᠲᠢᠶᠠᠨ ᠬᠠᠢ ᠵᠢᠶᠦ᠋ᠨ ᠢ ᠤᠷᠢᠵᠤ᠂ ᠪᠢᠳᠡᠨ ᠲᠠᠢ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠠᠤᠯᠢ ᠪᠠᠷ | ᠵᠠᠰᠠᠬᠤ ᠡᠨᠡᠬᠦ ᠴᠢᠬᠤᠯᠠ ᠶᠠᠷᠢᠶᠠᠨ ᠤ ᠰᠡᠳᠦᠪ ᠢ ᠬᠠᠮᠲᠤᠪᠠᠷ ᠰᠤᠳᠤᠯᠤᠨ ᠶᠠᠷᠢᠯᠴᠠᠶ᠎ᠠ᠃ ᠲᠢᠶᠠᠨ ᠲᠣᠪᠴᠢᠶᠠᠨ | ᠳᠠᠷᠤᠭ᠎ᠠ ᠲᠠ ᠰᠠᠶᠢᠨ ᠤᠤ︖ | 【 ᠬᠦᠨᠳᠦᠲᠦ ᠵᠣᠴᠢᠨ 】 ᠬᠦᠲᠦᠯᠦᠭᠴᠢ᠂ ᠦᠵᠡᠭᠴᠢᠳ ᠡ᠂ ᠪᠦᠬᠦᠳᠡᠭᠡᠷ ᠰᠠᠶᠢᠨ︕ | 【 ᠰᠤᠷᠪᠤᠯᠵᠢᠯᠠᠭᠴᠢ 】 ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠥᠬᠦᠳᠡ ᠬᠤᠷᠠᠯ ᠠᠴᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯᠲᠠ ᠳᠤ ᠰᠢᠨ᠎ᠡ ᠱᠠᠭᠠᠷᠳᠠᠯᠭ᠎ᠠ ᠪᠠ | ᠪᠠᠶᠢᠷᠢᠯᠠᠭᠤᠯᠤᠯᠲᠠ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠠᠬᠢᠭᠤᠯᠬᠤ ᠶᠢᠨ ᠴᠢᠬᠤᠯᠠ | ᠴᠢᠨᠠᠷ ᠢ ᠴᠢᠬᠤᠯᠠᠴᠢᠯᠠᠪᠠ᠃ ᠲᠢᠶᠠᠨ ᠲᠣᠪᠴᠢᠶᠠᠨ ᠳᠠᠷᠤᠭ᠎ᠠ᠂ ᠶᠠᠭᠤᠨ ᠤ ᠡᠮᠦᠨ᠎ᠡ ᠪᠢ ᠵᠠᠬᠢᠳᠠᠯ | ᠰᠣᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠪᠦᠬᠦ ᠲᠠᠯ᠎ᠠ ᠪᠠᠷ ᠠᠬᠢᠭᠤᠯᠬᠤ ᠶᠢ ᠬᠡᠷᠬᠢᠨ ᠣᠶᠢᠯᠠᠭᠠᠨ ᠡᠵᠡᠮᠰᠢᠬᠦ ᠶᠢ | ᠣᠶᠢᠯᠠᠭᠠᠶ᠎ᠠ ᠭᠡᠵᠦ ᠪᠣᠳᠣᠵᠤ ᠪᠠᠶᠢᠨ᠎ᠠ᠃ | 【 ᠬᠦᠨᠳᠦᠲᠦ ᠵᠣᠴᠢᠨ 】 ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠪᠦᠬᠦ ᠲᠠᠯ᠎ᠠ ᠪᠠᠷ | ᠠᠬᠢᠭᠤᠯᠬᠤ ᠪᠣᠯ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ | ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ | ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠪᠣᠳᠠᠲᠠᠢ ᠢᠯᠡᠷᠡᠯ ᠪᠣᠯᠤᠨ᠎ᠠ᠃ ᠮᠥᠨ ᠴᠢᠨᠠᠷ ᠤᠨ | ᠲᠠᠯ᠎ᠠ ᠠᠴᠠ ᠠᠪᠴᠤ ᠬᠡᠯᠡᠪᠡᠯ᠂ ᠵᠠᠬᠢᠳᠠᠯ ᠰᠤᠷᠪᠤᠯᠵᠢᠯᠠᠯ ᠤᠨ ᠠᠵᠢᠯ ᠢ ᠬᠠᠤᠯᠢ ᠪᠠᠷ ᠵᠠᠰᠠᠬᠤ ᠵᠠᠮ ᠳᠤ ᠪᠦᠬᠦ | ᠲᠠᠯ᠎ᠠ ᠪᠠᠷ ᠣᠷᠣᠭᠤᠯᠵᠤ᠂ ᠵᠠᠬᠢᠳᠠᠯ ᠰᠤᠷᠪᠤᠯᠵᠢᠯᠠᠯ ᠤᠨ ᠠᠵᠢᠯᠯᠠᠭ᠎ᠠ ᠶᠢᠨ ᠬᠠᠤᠯᠢ ᠴᠠᠭᠠᠵᠠ ᠶᠢᠨ ᠪᠣᠷᠣ ᠲᠥᠯᠥᠪ | ᠳᠣᠲᠣᠷ᠎ᠠ ᠶᠠᠪᠤᠭᠳᠠᠬᠤ ᠶᠢ ᠦᠨᠡᠨᠬᠦ ᠪᠠᠲᠤᠯᠠᠵᠤ᠂ ᠵᠠᠬᠢᠳᠠᠯ ᠰᠤᠷᠪᠤᠯᠵᠢᠯᠠᠯ ᠬᠢᠭᠰᠡᠳ ᠤᠨ ᠬᠠᠤᠯᠢ ᠶᠣᠰᠣᠨ ᠤ ᠡᠷᠬᠡ | ᠠᠰᠢᠭ ᠢ ᠪᠠᠲᠤᠯᠠᠨ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠬᠠᠮᠠᠭᠠᠯᠠᠬᠤ ᠬᠡᠷᠡᠭᠲᠡᠶ᠃ | ᠭᠤᠣᠯᠳᠠᠯᠭ᠎ᠠ ᠲᠠᠢ ᠡᠭᠦᠷᠭᠡ ᠪᠣᠯ ᠤᠷᠢᠳᠴᠢᠯᠠᠨ ᠰᠡᠷᠭᠡᠶᠢᠯᠡᠬᠦ᠂ ᠬᠦᠯᠢᠶᠡᠨ ᠠᠪᠴᠤ ᠰᠢᠢᠳᠪᠦᠷᠢᠯᠡᠬᠦ᠂ ᠰᠢᠢᠳᠪᠦᠷᠢᠯᠡᠬᠦ᠂ | ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠭᠦᠨᠵᠡᠭᠡᠢ ᠠᠬᠢᠭᠤᠯᠬᠤ᠂ ᠡᠮᠬᠢ ᠳᠢᠭᠯᠢᠮ ᠢ ᠬᠠᠮᠠᠭᠠᠯᠠᠬᠤ ︽ | ᠲᠠᠪᠤ ᠶᠢ ᠬᠠᠤᠯᠢᠵᠢᠭᠤᠯᠬᠤ︾ ᠶᠢ ᠭᠦᠨᠵᠡᠭᠡᠢ ᠠᠬᠢᠭᠤᠯᠬᠤ ᠶᠠᠪᠤᠳᠠᠯ ᠪᠣᠯᠤᠨ᠎ᠠ︔ ᠬᠠᠷᠠᠯᠲᠠ ᠪᠣᠯ ᠤᠯᠠᠨ ᠲᠦᠮᠡᠨ ᠤ | ᠭᠤᠮᠣᠳᠠᠯ ᠱᠠᠭᠠᠷᠳᠠᠯᠭ᠎ᠠ ᠨᠢᠭᠡᠪᠦᠷᠢ ᠶᠢ ᠴᠥᠮ ᠰᠢᠢᠳᠪᠦᠷᠢᠯᠡᠬᠦ ᠬᠥᠮᠦᠨ ᠲᠠᠢ᠂ ᠭᠤᠮᠣᠳᠠᠯ ᠱᠠᠭᠠᠷᠳᠠᠯᠭ᠎ᠠ ᠨᠢᠭᠡᠪᠦᠷᠢ ᠶᠢ | ᠴᠥᠮ ᠬᠠᠤᠯᠢ ᠶᠣᠰᠣᠭᠠᠷ ᠠᠬᠢᠭᠤᠯᠬᠤ ᠶᠢ ᠪᠠᠲᠤᠯᠠᠬᠤ ᠶᠠᠪᠤᠳᠠᠯ ᠪᠣᠯᠤᠨ᠎ᠠ᠃ | 【 ᠰᠤᠷᠪᠤᠯᠵᠢᠯᠠᠭᠴᠢ 】 ᠲᠡᠭᠡᠪᠡᠯ ᠶᠠᠮᠠᠷ ᠶᠠᠮᠠᠷ ᠪᠠᠶᠢᠭᠤᠯᠭ᠎ᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠬᠠᠤᠯᠢ ᠪᠠᠷ ᠵᠠᠰᠠᠬᠤ ᠶᠢ ᠠᠬᠢᠭᠤᠯᠬᠤ ᠶᠠᠪᠤᠴᠠ ᠳᠤ ᠵᠣᠬᠢᠴᠠᠩᠭᠤᠶ ᠬᠠᠷᠢᠭᠤᠴᠠᠯᠭ᠎ᠠ ᠡᠭᠦᠷᠭᠡᠯᠡᠬᠦ ᠪᠣᠶ︖ | 【 ᠬᠦᠨᠳᠦᠲᠦ ᠵᠣᠴᠢᠨ 】 ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠳᠤ ᠡᠯ᠎ᠡ ᠱᠠᠲᠤᠨ ᠤ | ᠨᠠᠮ ᠤᠨ ᠪᠠᠶᠢᠭᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ᠂ ᠵᠠᠰᠠᠭ ᠵᠠᠬᠢᠷᠭᠠᠨ ᠤ | ᠪᠠᠶᠢᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠨ | ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ ᠵᠢᠴᠢ ᠤᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠡᠷᠭᠡ ᠳᠤ ᠴᠥᠮ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠲᠣᠳᠣᠷᠬᠠᠶ ᠲᠣᠭᠲᠠᠭᠠᠵᠠᠶ᠃ | 【 ᠰᠤᠷᠪᠤᠯᠵᠢᠯᠠᠭᠴᠢ 】 ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠤᠮᠳᠠ ᠲᠤᠰᠢᠶᠠᠯ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ ᠪᠠᠶᠢᠳᠠᠯ ᠳᠤ ᠬᠡᠷᠬᠢᠨ ᠬᠢᠨᠠᠯᠲᠠ ᠲᠠᠯᠪᠢᠵᠤ ᠬᠠᠷᠢᠭᠤᠴᠠᠯᠭ᠎ᠠ | ᠨᠡᠬᠡᠮᠵᠢᠯᠡᠬᠦ ᠪᠤᠢ︖ | 【 ᠬᠦᠨᠳᠦᠲᠦ ᠵᠣᠴᠢᠨ 】 ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠤᠨ ᠲᠠᠪᠤᠳᠤᠭᠠᠷ | ᠪᠦᠯᠦᠭ ᠲᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠤᠬᠠᠢ ᠲᠣᠳᠣᠷᠬᠠᠢ ᠲᠣᠭᠲᠠᠭᠠᠯ ᠭᠠᠷᠭᠠᠵᠠᠢ᠃ | ᠰᠢᠨ᠎ᠡ ᠪᠠᠷ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠰᠠᠬᠢᠯᠭ᠎ᠠ ᠪᠠᠲᠤ ᠶᠢᠨ ᠰᠢᠢᠳᠬᠡᠯ ᠤᠨ ᠳᠦᠷᠢᠮ︾ ᠤᠨ ᠵᠠᠭᠤ ᠭᠤᠴᠢᠨ ᠲᠠᠪᠤᠳᠤᠭᠠᠷ ᠵᠦᠢᠯ ᠳᠤ ᠰᠠᠬᠢᠯᠭ᠎ᠠ ᠪᠠᠲᠤ ᠶᠢᠨ | ᠰᠢᠢᠳᠬᠡᠯ ᠥᠭᠭᠦᠬᠦ 4 ᠵᠦᠢᠯ ᠤᠨ ᠪᠠᠶᠢᠳᠠᠯ ᠢ ᠰᠢᠨ᠎ᠡ ᠪᠠᠷ ᠨᠡᠮᠡᠪᠡ᠂ ᠡᠭᠦᠨ ᠳᠤ ᠲᠣᠭᠲᠠᠭᠠᠯ ᠢ ᠵᠢᠷᠦᠮᠯᠡᠬᠦ ᠦᠬᠡᠢ ᠪᠠᠷ | ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ᠂ ᠬᠡᠪᠴᠢᠶᠡᠵᠢᠯ ᠤᠨ ᠴᠢᠨᠠᠷᠲᠠᠢ ᠬᠠᠮᠲᠤ ᠶᠢᠨ | ᠰᠤᠷᠪᠤᠯᠵᠢᠯᠠᠭ᠎ᠠ ᠵᠡᠷᠭᠡ ᠳᠤ ᠰᠢᠢᠳᠪᠦᠷᠢᠯᠡᠭᠰᠡᠨ ᠨᠢ ᠬᠦᠴᠦᠨ ᠦᠭᠡᠢ ᠠᠴᠠ ᠪᠣᠯᠵᠤ ᠬᠡᠷᠡᠭ ᠶᠠᠪᠤᠳᠠᠯ ᠢ ᠥᠷᠭᠡᠳᠬᠡᠭᠰᠡᠨ | ᠳᠤ︔ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠲᠤ | ᠳᠤᠷᠠᠳᠤᠭᠰᠠᠨ ᠠᠵᠢᠯ ᠢᠶᠠᠨ ᠬᠠᠯᠠᠨ ᠰᠠᠶᠢᠵᠢᠷᠠᠭᠤᠯᠬᠤ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠵᠡᠷᠭᠡ | ᠰᠠᠨᠠᠭᠤᠯᠭ᠎ᠠ ᠶᠢ ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠶ᠂ ᠨᠠᠶᠢᠳᠠᠪᠤᠷᠢᠵᠢᠭᠤᠯᠤᠭᠰᠠᠨ ᠢᠶᠠᠷ ᠬᠦᠴᠦᠨ | ᠦᠭᠡᠶ ᠠᠴᠠ ᠪᠣᠯᠵᠤ ᠠᠰᠠᠭᠤᠳᠠᠯ ᠢ ᠤᠷᠲᠤ ᠬᠤᠭᠤᠴᠠᠭ᠎ᠠ ᠪᠠᠷ ᠰᠢᠢᠳᠪᠦᠷᠢᠯᠡᠬᠦ ᠦᠭᠡᠶ ᠪᠠᠶᠢᠬᠤ ᠵᠢᠴᠢ ᠪᠤᠰᠤᠳ | ᠵᠠᠬᠢᠳᠠᠯ ᠰᠤᠷᠪᠤᠯᠵᠢᠯᠠᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠶ ᠪᠤᠶᠤ ᠵᠥᠪ ᠪᠤᠰᠤ ᠪᠠᠷ | ᠭᠦᠢᠴᠡᠳᠬᠡᠬᠦ ᠦᠢᠯᠡ ᠠᠵᠢᠯᠯᠠᠭ᠎ᠠ᠃ | 【 ᠰᠤᠷᠪᠤᠯᠵᠢᠯᠠᠭᠴᠢ 】 ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠠᠬᠢᠭᠤᠯᠵᠤ᠂ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠳᠤ ᠶᠠᠮᠠᠷ ᠶᠠᠮᠠᠷ ᠰᠢᠨ᠎ᠡ ᠱᠠᠭᠠᠷᠳᠠᠯᠭ᠎ᠠ | ᠳᠤᠷᠠᠳᠤᠭᠰᠠᠨ ᠪᠤᠢ︖ | 【 ᠬᠦᠨᠳᠦᠲᠦ ᠵᠣᠴᠢᠨ 】 ᠠᠳᠡ ︽ᠭᠤᠷᠪᠠ ᠶᠢ ᠬᠦᠯᠢᠶᠡᠨ ᠠᠪᠴᠤ ᠰᠢᠢᠳᠪᠦᠷᠢᠯᠡᠬᠦ ᠦᠭᠡᠢ︾ ᠪᠠ ︽ | ᠬᠤᠶᠠᠷ ᠢ ᠳᠠᠬᠢᠨ ᠬᠦᠯᠢᠶᠡᠨ ᠠᠪᠴᠤ ᠰᠢᠢᠳᠪᠦᠷᠢᠯᠡᠬᠦ ᠦᠭᠡᠢ︾ ᠶᠢ ᠭᠤᠣᠯᠳᠠᠯᠭ᠎ᠠ ᠲᠠᠢ ᠠᠩᠬᠠᠷᠬᠤ ᠴᠢᠬᠤᠯᠠᠲᠠᠢ᠃ | ︽ᠭᠤᠷᠪᠠ ᠶᠢ ᠬᠦᠯᠢᠶᠡᠨ ᠠᠪᠴᠤ ᠰᠢᠢᠳᠪᠦᠷᠢᠯᠡᠬᠦ ᠦᠭᠡᠢ︾ ᠭᠡᠳᠡᠭ ᠲᠤ᠄ ᠰᠢᠭᠦᠬᠦ ᠬᠤᠷᠢᠶ᠎ᠠ᠂ ᠪᠠᠶᠢᠴᠠᠭᠠᠬᠤ | ᠬᠤᠷᠢᠶᠠᠨ ᠳᠤ ᠬᠠᠷᠢᠶᠠᠯᠠᠭᠳᠠᠬᠤ ᠵᠦᠢᠯᠡᠰ᠂ ᠨᠢᠭᠡᠨᠲᠡ ᠰᠢᠭᠦᠨ ᠲᠠᠰᠤᠯᠬᠤ ᠪᠠᠶᠢᠭᠤᠯᠭ᠎ᠠ ᠶᠢᠨ ᠵᠠᠷᠭᠤ ᠶᠢᠨ ᠵᠢᠷᠤᠮ | ᠪᠤᠶᠤ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠵᠢᠷᠤᠮ ᠢᠶᠠᠷ ᠳᠠᠮᠵᠢᠭᠤᠯᠤᠨ | ᠰᠢᠢᠳᠪᠦᠷᠢᠯᠡᠬᠦ ᠤᠴᠢᠷ ᠶᠠᠪᠤᠳᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠢ︔ ᠲᠤᠰ ᠱᠠᠲᠤ ᠪᠠ ᠳᠡᠭᠡᠷ᠎ᠡ ᠨᠢᠭᠡ | ᠱᠠᠲᠤᠨ ᠤ ᠪᠠᠶᠢᠭᠤᠯᠭ᠎ᠠ ᠶᠢ ᠠᠯᠤᠰᠯᠠᠭᠰᠠᠨ ᠭᠤᠮᠣᠳᠠᠯ ᠲᠣᠭᠠᠴᠢᠯᠲᠠ ᠶᠢᠨ ᠰᠢᠢᠳᠪᠦᠷᠢᠯᠡᠬᠦ ᠲᠦᠷᠦᠯ ᠤᠨ | ᠰᠤᠷᠪᠤᠯᠵᠢᠯᠠᠬᠤ ᠬᠡᠷᠡᠭ ᠶᠠᠪᠤᠳᠠᠯ ᠢ ᠳᠡᠭᠡᠳᠦ ᠱᠠᠲᠤᠨ ᠤ ᠪᠠᠶᠢᠭᠤᠯᠭ᠎ᠠ ᠬᠦᠯᠢᠶᠡᠨ ᠠᠪᠴᠤ ᠰᠢᠢᠳᠪᠦᠷᠢᠯᠡᠬᠦ ᠦᠭᠡᠢ︔ | ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠨᠢᠭᠡᠨᠲᠡ ᠬᠦᠯᠢᠶᠡᠨ ᠠᠪᠴᠤ ᠰᠢᠢᠳᠪᠦᠷᠢᠯᠡᠬᠦ ᠪᠤᠶᠤ ᠶᠠᠭ ᠰᠢᠢᠳᠪᠦᠷᠢᠯᠡᠵᠦ | ᠪᠠᠶᠢᠨ᠎ᠠ᠂ ᠵᠠᠬᠢᠳᠠᠯ ᠰᠤᠷᠪᠤᠯᠵᠢᠯᠠᠭ᠎ᠠ ᠬᠢᠭᠰᠡᠳ ᠨᠢ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠳᠡᠭᠡᠳᠦ | ᠱᠠᠲᠤᠨ ᠤ ᠪᠠᠶᠢᠭᠤᠯᠭ᠎ᠠ ᠳᠤ ᠪᠠᠰᠠ ᠠᠳᠠᠯᠢ ᠨᠢᠭᠡ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠳᠤᠷᠠᠳᠤᠭᠰᠠᠨ ᠪᠠᠶᠢᠪᠠᠯ | ᠂ ᠳᠡᠭᠡᠳᠦ ᠱᠠᠲᠤᠨ ᠤ ᠪᠠᠶᠢᠭᠤᠯᠭ᠎ᠠ ᠨᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃ ︽ᠬᠤᠶᠠᠷ ᠢ ᠳᠠᠭᠢᠨ | ᠬᠦᠯᠢᠶᠡᠨ ᠠᠪᠴᠤ ᠰᠢᠢᠳᠪᠦᠷᠢᠯᠡᠬᠦ ᠦᠬᠡᠢ︾ ᠭᠡᠳᠡᠭ ᠨᠢ ᠨᠢᠭᠡᠨᠲᠡ ᠳᠠᠬᠢᠨ ᠬᠢᠨᠠᠭᠰᠠᠨ ᠵᠠᠬᠢᠳᠠᠯ ᠰᠤᠷᠪᠤᠯᠵᠢᠯᠠᠯ ᠤᠨ | ᠵᠦᠢᠯᠡᠰ ᠢ ᠵᠠᠬᠢᠳᠠᠯ ᠰᠤᠷᠪᠤᠯᠵᠢᠯᠠᠯ ᠬᠢᠭᠰᠡᠳ ᠨᠢ ᠮᠥᠨ ᠬᠦ ᠠᠳᠠᠯᠢ ᠪᠣᠳᠠᠲᠤ ᠬᠡᠷᠡᠭ ᠪᠠ ᠤᠴᠢᠷ ᠰᠢᠯᠲᠠᠭᠠᠨ ᠢᠶᠠᠷ | ᠲᠤᠰᠬᠠᠭᠰᠠᠨ ᠪᠠᠶᠢᠪᠠᠯ᠂ ᠳᠠᠭᠢᠵᠤ ᠬᠦᠯᠢᠶᠡᠨ ᠠᠪᠴᠤ ᠰᠢᠢᠳᠪᠦᠷᠢᠯᠡᠬᠦ ᠦᠭᠡᠢ︔ ᠨᠢᠭᠡᠨᠲᠡ ᠬᠠᠤᠯᠢ ᠶᠣᠰᠣᠭᠠᠷ | ᠳᠠᠭᠤᠰᠬᠠᠭᠰᠠᠨ ᠬᠠᠤᠯᠢ ᠵᠠᠷᠭᠤ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠠᠳᠠᠯᠢ ᠱᠠᠲᠤᠨ ᠤ | ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ᠂ ᠤᠯᠤᠰ ᠲᠥᠷᠥ ᠬᠠᠤᠯᠢ | ᠴᠠᠭᠠᠵᠠ ᠶᠢᠨ ᠰᠠᠯᠠᠭ᠎ᠠ ᠮᠥᠴᠢᠷ ᠠᠴᠠ ᠵᠠᠬᠢᠳᠠᠯ ᠰᠤᠷᠪᠤᠯᠵᠢᠯᠠᠯ ᠬᠢᠭᠰᠡᠳ ᠲᠤ ᠪᠢᠴᠢᠭ ᠢᠶᠠᠷ ᠬᠡᠯᠡᠵᠦ ᠦᠭᠬᠦᠭᠰᠡᠨ ᠳᠤ | ᠳᠠᠬᠢᠵᠤ ᠬᠦᠯᠢᠶᠡᠨ ᠠᠪᠴᠦ ᠰᠢᠢᠳᠪᠦᠷᠢᠯᠡᠬᠦ ᠦᠬᠡᠢ᠃ ᠡᠲᠡᠭᠡᠷ ᠱᠠᠭᠠᠷᠳᠠᠯᠭ᠎ᠠ ᠨᠢ ᠵᠠᠬᠢᠳᠠᠯ ᠰᠤᠷᠪᠤᠯᠵᠢᠯᠠᠭ᠎ᠠ ᠶᠢᠨ | ᠵᠦᠢᠯᠡᠰ ᠢ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠪᠠ ᠲᠠᠰ ᠳᠠᠷᠠᠭᠠᠯᠠᠯ ᠢ ᠲᠣᠳᠣᠷᠬᠠᠶᠢᠯᠠᠵᠤ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠪᠠ᠃ | 【 ᠰᠤᠷᠪᠤᠯᠵᠢᠯᠠᠭᠴᠢ 】 ᠵᠠᠬᠢᠳᠡᠯ ᠰᠤᠷᠪᠤᠯᠵᠢᠯᠠᠭ᠎ᠠ ᠬᠢᠭᠰᠡᠳ ᠬᠡᠷᠬᠢᠨ ᠵᠥᠪ ᠣᠨᠣᠪᠴᠢᠲᠠᠢ ᠪᠠᠷ ᠵᠠᠬᠢᠳᠡᠯ | ᠰᠤᠷᠪᠤᠯᠵᠢᠯᠠᠭ᠎ᠠ ᠶᠢ ᠳᠤᠷᠠᠳᠬᠤ ᠪᠤᠢ︖ | 【 ᠬᠦᠨᠳᠦᠲᠦ ᠵᠣᠴᠢᠨ 】 ᠵᠠᠬᠢᠳᠠᠯ ᠰᠤᠷᠪᠤᠯᠵᠢᠯᠠᠯ ᠬᠢᠭᠰᠡᠳ ᠡᠩ ᠤᠨ ᠪᠠᠶᠢᠳᠠᠯ ᠳᠣᠤᠷ᠎ᠠ ᠪᠢᠴᠢᠭ ᠤᠨ | ᠬᠡᠯᠪᠡᠷᠢ ᠪᠠᠷ ᠵᠠᠬᠢᠳᠠᠯ ᠰᠤᠷᠪᠤᠯᠵᠢᠯᠠᠯ ᠤᠨ ᠵᠦᠢᠯ ᠢᠶᠠᠨ ᠳᠤᠷᠠᠳᠬᠤ ᠶᠢᠨ ᠬᠠᠮᠲᠤ ᠣᠪᠣᠭ ᠨᠡᠷ᠎ᠡ᠂ ᠰᠠᠭᠤᠭ᠎ᠠ ᠭᠠᠵᠠᠷ | ᠪᠣᠯᠤᠨ ᠭᠤᠶᠤᠴᠢᠯᠠᠯ᠂ ᠪᠣᠳᠠᠲᠤ ᠶᠠᠪᠤᠳᠠᠯ᠂ ᠰᠢᠯᠲᠠᠭᠠᠨ ᠢ ᠨᠢ ᠲᠣᠳᠣᠷᠬᠠᠶ ᠲᠡᠮᠳᠡᠭᠯᠡᠬᠦ ᠬᠡᠷᠡᠭᠲᠡᠶ᠃ ᠵᠠᠬᠢᠳᠠᠯ | ᠰᠤᠷᠪᠤᠯᠵᠢᠯᠠᠯ ᠬᠢᠭᠰᠡᠳ ᠵᠠᠬᠢᠳᠠᠯ ᠰᠤᠷᠪᠤᠯᠵᠢᠯᠠᠯ ᠤᠨ ᠵᠦᠢᠯ ᠢ ᠳᠤᠷᠠᠳᠬᠤ ᠳᠤ ᠡᠷᠬᠡᠪᠰᠢ ᠪᠤᠰᠤᠳᠴᠢ ᠪᠥᠭᠡᠳ | ᠦᠨᠡᠨ ᠪᠣᠳᠠᠲᠠᠶ ᠪᠠᠶᠢᠵᠤ᠂ ᠬᠤᠳᠠᠯ ᠬᠠᠭᠤᠷᠮᠠᠭ ᠢᠶᠠᠷ ᠵᠣᠬᠢᠶᠠᠵᠤ᠂ ᠪᠣᠳᠠᠲᠤ ᠬᠡᠷᠡᠭ ᠢ ᠭᠠᠵᠢᠭᠤᠳᠠᠭᠤᠯᠵᠤ ᠪᠣᠯᠬᠤ | ᠦᠭᠡᠶ᠂ ᠨᠡᠩ ᠴᠤ ᠪᠤᠰᠤᠳ ᠢ ᠭᠦᠳᠬᠡᠨ ᠵᠡᠭᠠᠯᠳᠦᠵᠦ᠂ ᠬᠤᠤᠷᠯᠠᠵᠤ ᠪᠣᠯᠬᠤ ᠦᠭᠡᠶ᠃ | 【 ᠰᠤᠷᠪᠤᠯᠵᠢᠯᠠᠭᠴᠢ 】 ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ ᠵᠠᠰᠠᠬᠤ ᠢᠷᠡᠭᠡᠳᠦᠢ ᠶᠢᠨ | ᠠᠵᠢᠯ ᠤᠨ ᠴᠢᠭᠯᠡᠯ ᠨᠢ ᠶᠠᠭᠤ ᠪᠤᠢ︖ | 【 ᠬᠦᠨᠳᠦᠲᠦ ᠵᠣᠴᠢᠨ 】 ᠢᠷᠡᠭᠡᠳᠦᠢ ᠳᠤ ᠪᠢᠳᠡ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ | ᠵᠠᠰᠠᠬᠤ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠤᠯᠠᠨ ᠲᠦᠮᠡᠨ ᠤ ᠬᠠᠤᠯᠢ ᠪᠠᠷ ᠵᠠᠰᠠᠬᠤ | ᠤᠬᠠᠮᠰᠠᠷ ᠪᠠ ᠬᠠᠤᠯᠢ ᠶᠣᠰᠣᠭᠠᠷ ᠵᠠᠬᠢᠳᠠᠯ ᠰᠣᠷᠪᠤᠯᠵᠢᠯᠠᠬᠤ ᠬᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠨ ᠤ | ᠬᠠᠮᠲᠤ᠂ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠰᠠᠯᠠᠭ᠎ᠠ ᠮᠥᠴᠢᠷ ᠤᠨ | ᠬᠤᠭᠤᠷᠣᠨᠳᠣᠬᠢ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠬᠠᠤᠯᠢ ᠪᠠᠷ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ | ᠪᠠᠲᠤᠯᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠨᠠᠩ ᠶᠡᠭᠡ ᠬᠤᠪᠢ ᠨᠡᠮᠡᠷᠢ | ᠦᠵᠡᠭᠦᠯᠤᠨ᠎ᠡ᠃ | 【 ᠰᠤᠷᠪᠤᠯᠵᠢᠯᠠᠭᠴᠢ 】 ᠲᠢᠶᠠᠨ ᠲᠣᠪᠴᠢᠶᠠᠨ ᠳᠠᠷᠤᠭ᠎ᠠ ᠶᠢᠨ ᠭᠤᠶᠢᠳᠠ ᠰᠠᠶᠢᠬᠠᠨ ᠲᠠᠶᠢᠯᠤᠮᠵᠢ ᠪᠠ | ᠲᠠᠨᠢᠯᠴᠠᠭᠤᠯᠤᠭᠰᠠᠨ ᠳᠤ ᠲᠠᠯᠠᠷᠬᠠᠵᠤ ᠪᠠᠶᠢᠨ᠎ᠠ᠂ ᠪᠢᠳᠡᠨ ᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢ ᠪᠠᠷ | ᠵᠠᠰᠠᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠲᠤᠬᠠᠶ ᠨᠠᠩ ᠭᠦᠨᠵᠡᠭᠡᠶ ᠲᠠᠨᠢᠯᠲᠠ ᠪᠠ ᠣᠶᠢᠯᠠᠭᠠᠯᠲᠠ ᠲᠠᠢ | ᠪᠣᠯᠭᠠᠪᠠ᠃ ᠠᠳᠡ ᠪᠢᠳᠡ ᠪᠠᠰᠠ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠬᠠᠤᠯᠢ ᠳᠤ ᠨᠡᠶᠢᠴᠡᠬᠦ᠂ ᠲᠣᠭᠲᠠᠭᠠᠯ ᠳᠤ | ᠨᠡᠶᠢᠴᠡᠭᠦᠯᠬᠦ ᠠᠷᠭ᠎ᠠ ᠵᠠᠮ ᠢᠶᠠᠷ ᠳᠠᠮᠵᠢᠭᠤᠯᠤᠨ ᠠᠰᠠᠭᠤᠳᠠᠯ ᠢᠶᠠᠨ ᠲᠤᠰᠬᠠᠵᠤ᠂ ᠥᠪᠡᠷ ᠤᠨ ᠬᠠᠤᠯᠢ ᠶᠣᠰᠣᠨ ᠤ | ᠡᠷᠬᠡ ᠠᠰᠢᠭ ᠢᠶᠠᠨ ᠬᠠᠮᠠᠭᠠᠯᠠᠬᠤ ᠶᠢ ᠵᠣᠷᠢᠭᠵᠢᠭᠤᠯᠵᠤ ᠪᠠᠶᠢᠨ᠎ᠠ᠃ ᠲᠢᠶᠠᠨ ᠲᠣᠪᠴᠢᠶᠠᠨ ᠳᠠᠷᠤᠭ᠎ᠠ | ᠣᠷᠣᠯᠴᠠᠭᠰᠠᠨ ᠳᠤ ᠳᠠᠬᠢᠨᠲᠠ ᠲᠠᠯᠠᠷᠬᠠᠵᠤ ᠪᠠᠶᠢᠨ᠎ᠠ︕ | 【 ᠬᠦᠨᠳᠦᠲᠦ ᠵᠣᠴᠢᠨ 】 ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠪᠠᠰᠠ ᠤᠯᠠᠨ ᠤ ᠵᠠᠬᠢᠳᠠᠯ | ᠰᠤᠷᠪᠤᠯᠵᠢᠯᠠᠯ ᠤᠨ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ᠃ ᠤᠯᠠᠨ ᠢᠶᠠᠷ ᠢᠶᠠᠨ ᠬᠠᠮᠲᠤ ᠪᠠᠷ | ᠴᠢᠷᠮᠠᠶᠢᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠤᠨ ᠲᠠᠰᠤᠷᠠᠯᠲᠠ ᠦᠭᠡᠢ ᠰᠢᠨ᠎ᠡ ᠠᠬᠢᠴᠠ ᠲᠠᠢ | ᠪᠣᠯᠬᠤ ᠶᠢ ᠬᠦᠰᠡᠵᠦ ᠪᠠᠶᠢᠨ᠎ᠠ᠃ | 【 ᠰᠤᠷᠪᠤᠯᠵᠢᠯᠠᠭᠴᠢ 】 ᠦᠵᠡᠭᠴᠢᠳ ᠨᠠᠶᠢᠵᠠ ᠨᠠᠷ ᠡ᠂ ᠪᠢᠳᠡ ᠳᠠᠷᠠᠭ᠎ᠠ ᠬᠤᠭᠤᠴᠠᠭᠠᠨ ᠳᠤ ᠠᠭᠤᠯᠵᠠᠶ᠎ᠠ᠂ | ᠪᠠᠶᠠᠷᠳᠡᠢ᠃ | 【 ᠬᠦᠨᠳᠦᠲᠦ ᠵᠣᠴᠢᠨ 】 ᠪᠠᠶᠠᠷᠲᠠᠢ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |