12 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠺᠠᠢ ᠱᠠᠩᠳᠤ ᠰᠢᠶᠠᠨ ᠳᠤ | ᠭᠦᠨᠵᠡᠭᠡᠶᠢᠷᠡᠨ ᠴᠠᠭᠠᠨᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ᠂ ᠲᠥᠮᠥᠰᠥ ᠶᠢᠨ ᠠᠵᠤ | ᠦᠢᠯᠡᠰ ᠤᠨ ᠬᠥᠭᠵᠢᠯᠲᠡ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ | ᠴᠠᠭᠠᠨᠨᠠᠭᠤᠷ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠲᠤ᠂ ᠵᠧᠦ ᠺᠠᠢ ᠵᠠᠰᠠᠵᠤ ᠬᠠᠮᠠᠭᠠᠯᠠᠬᠤ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠴᠠᠭᠠᠨᠨᠠᠭᠤᠷ ᠤᠨ ᠠᠮᠢ | ᠠᠬᠤᠢ ᠶᠢ ᠬᠠᠮᠠᠭᠠᠯᠠᠬᠤ ᠪᠠ ᠰᠡᠷᠭᠦᠭᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠤᠷᠭᠤᠮᠠᠯ ᠤᠨ | ᠪᠦᠷᠬᠦᠴᠡ ᠶᠢ ᠰᠡᠷᠭᠦᠭᠡᠬᠦ ᠶᠢ ᠪᠦᠬᠦ ᠬᠦᠴᠦᠨ ᠢᠶᠠᠷ ᠠᠬᠢᠭᠤᠯᠵᠤ᠂ ᠵᠠᠰᠠᠯᠲᠠ ᠶᠢᠨ ᠦᠷ᠎ᠡ ᠪᠦᠲᠦᠮᠵᠢ ᠶᠢ ᠰᠠᠶᠢᠲᠤᠷ | ᠪᠠᠬᠢᠵᠢᠭᠦᠯᠬᠦ ᠬᠡᠷᠡᠭᠲᠡᠢ ᠭᠡᠵᠦ ᠬᠡᠯᠡᠪᠡ᠃ | ᠰᠢ ᠰᠧᠨ᠂ ᠹᠦ᠋ ᠵᠢᠩ ᠲᠠᠩ ᠵᠡᠷᠭᠡ ᠲᠥᠮᠥᠰᠥ ᠶᠢᠨ ᠠᠵᠤ ᠠᠬᠤᠶᠢᠯᠠᠯ ᠳᠤ᠂ ᠵᠧᠦ ᠺᠠᠢ ᠦᠷ᠎ᠡ ᠶᠢᠨ | ᠦᠢᠯᠡᠰ ᠤᠨ ᠬᠥᠭᠵᠢᠯᠲᠡ᠂ ᠴᠠᠷᠳᠠᠭᠤᠯ ᠢ ᠦᠢᠯᠡᠳᠪᠦᠷᠢᠯᠡᠵᠦ ᠡᠳ᠋ᠰᠢᠭᠦᠯᠬᠦ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ | ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠠᠵᠤ ᠠᠬᠤᠶᠢᠯᠠᠯ ᠢ ᠰᠢᠨᠵᠢᠯᠡᠬᠦ ᠤᠬᠠᠭᠠᠨ ᠮᠡᠷᠭᠡᠵᠢᠯ ᠤᠨ ︽ | ᠪᠦᠰᠡᠯᠡᠯᠲᠡ ᠶᠢ ᠰᠢᠪᠲᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠦᠷ᠎ᠡ ᠶᠢᠨ ᠦᠢᠯᠡᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠨᠡᠩ ᠤᠯᠠᠨ ᠰᠠᠶᠢᠨ ᠡᠭᠦᠯᠳᠡᠷ ᠢ | ᠨᠠᠷᠢᠨ ᠨᠢᠮᠪᠠᠢ ᠪᠤᠶᠢᠵᠢᠭᠤᠯᠵᠤ᠂ ᠲᠥᠮᠥᠰᠥ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ | ᠲᠦᠷᠭᠡᠳᠬᠡᠨ ᠠᠬᠢᠭᠤᠯᠬᠤ ᠬᠡᠷᠡᠭᠲᠡᠢ︔ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠦᠢᠯᠡᠳᠦᠯ ᠢ | ᠤᠯᠠᠮ ᠨᠢᠭᠡ ᠠᠯᠬᠤᠮ ᠪᠠᠳᠠᠷᠠᠭᠤᠯᠵᠤ᠂ ᠲᠠᠷᠢᠶᠠᠴᠢᠳ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ | ᠪᠠᠶᠠᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ ᠥᠷᠭᠡᠳᠬᠡᠬᠦ ᠬᠡᠷᠡᠭᠲᠡᠶ ᠭᠡᠵᠦ ᠵᠣᠷᠢᠭᠵᠢᠭᠤᠯᠪᠠ᠃ | ᠵᠧᠦ ᠺᠠᠶ 150 ᠲᠦᠮᠡᠨ ᠺᠢᠯᠣᠸᠠᠲ ᠤᠨ ᠬᠡᠷᠡᠯ ᠸᠣᠯᠲ ᠤᠨ ᠡᠪᠡᠰᠦᠨ ᠤ ᠦᠢᠯᠡᠰ ᠤᠨ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠪᠣᠯᠤᠨ ᠰᠢᠶᠠᠩ ᠹᠦ᠋ ᠰᠢᠨ᠎ᠡ ᠡᠨᠧᠷᠭᠢ᠂ ᠾᠧᠩ ᠺᠧ ᠲᠧ | ᠲᠤᠤ ᠰᠢᠨ᠎ᠡ ᠮᠠᠲ᠋ᠧᠷᠢᠶᠠᠯ ᠵᠡᠷᠭᠡ ᠠᠵᠤ ᠠᠬᠤᠶᠢᠯᠠᠯ ᠳᠤ ᠬᠦᠷᠴᠦ᠂ ᠰᠢᠨ᠎ᠡ ᠡᠨᠧᠷᠭᠢ ᠶᠢᠨ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ᠂ ᠪᠢᠯᠢᠭ ᠲᠦᠢᠯ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ᠂ ᠣᠨᠴᠠ | ᠲᠥᠷᠥᠯ ᠤᠨ ᠸᠠᠭᠠᠷ ᠱᠠᠭᠠᠵᠠᠩ ᠤᠨ ᠦᠢᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ | ᠪᠠᠶᠢᠴᠠᠭᠠᠨ ᠰᠤᠳᠤᠯᠪᠠ᠃ ᠲᠡᠷᠡ᠂ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ | ᠶᠡᠭᠡ ᠪᠠᠷ ᠠᠬᠢᠭᠤᠯᠵᠤ᠂ ᠲᠦᠷᠦᠯ ᠵᠦᠢᠯ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠦᠳᠦᠭᠡᠨ ᠪᠠᠶᠢᠭᠤᠯᠵᠤ | ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ | ᠠᠯᠬᠤᠴᠠ ᠪᠠᠨ ᠲᠦᠷᠭᠡᠳᠬᠡᠵᠦ᠂ ᠪᠣᠬᠢᠷᠲᠤᠯ ᠦᠭᠡᠢ ᠲᠦᠪᠰᠢᠨ ᠢ ᠳᠡᠭᠡᠭᠰᠢᠯᠡᠭᠦᠯᠵᠦ᠂ ᠰᠢᠨ᠎ᠡ ᠮᠠᠲ᠋ᠧᠷᠢᠶᠠᠯ ᠤᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠪᠣᠳᠠᠲᠠᠢ | ᠠᠳᠬᠤᠬᠤ ᠬᠡᠷᠡᠭᠲᠡᠢ ᠭᠡᠵᠦ ᠬᠡᠯᠡᠪᠡ᠃ | ᠰᠦᠢ ᠵᠢᠶᠠᠨ ᠬᠤᠸᠠ ᠣᠷᠣᠯᠴᠠᠪᠠ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |