ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠸᠢ ᠵᠢᠶᠠᠩ ᠪᠣᠳᠣᠬᠤ ᠬᠦᠴᠦᠨ ᠤ ᠰᠤᠳᠤᠯᠭᠠᠨ ᠤ ᠬᠦᠷᠢᠶᠡᠯᠡᠩ ᠤᠯᠠᠭᠠᠨᠴᠠᠪ ᠬᠤᠲᠠ ᠳᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/12/20
   12 ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠸᠢ ᠵᠢᠶᠠᠩ ᠪᠤᠳᠤᠬᠤ ᠬᠦᠴᠦᠨ ᠤ ᠰᠤᠳᠤᠯᠭᠠᠨ ᠤ ᠬᠦᠷᠢᠶᠡᠯᠡᠩ ᠪᠠᠶᠢᠭᠤᠯᠤᠭᠳᠠᠬᠤ ᠶᠡᠭᠡ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠤᠳᠤᠬᠤ ᠬᠦᠴᠦᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠡᠷᠳᠡᠮ ᠰᠢᠨᠵᠢᠯᠡᠭᠡᠨ ᠤ ᠶᠠᠷᠢᠶᠠᠨ ᠤ ᠲᠠᠪᠴᠠᠩ ᠤᠯᠠᠭᠠᠨᠴᠠᠪ ᠬᠤᠲᠠ ᠳᠤ ᠶᠠᠪᠤᠭᠳᠠᠪᠠ᠃    ᠬᠤᠷᠠᠯ ᠳᠡᠭᠡᠷ᠎ᠡ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠵᠧᠩ ᠸᠧᠶ ᠮᠢᠨ᠂ ᠣᠯᠠᠨ ᠤᠯᠤᠰ ᠤᠨ ᠧᠦ᠋ᠷᠣᠫᠠ ᠠᠽᠢᠶ᠎ᠠ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠳ᠋ᠧᠩ ᠵᠥᠩ ᠯᠢᠶᠠᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠦ᠋ᠲ᠋ᠣᠴᠢᠯᠠᠯᠲᠠ ᠶᠢᠨ ᠰᠤᠳᠤᠯᠭᠠᠨ ᠤ ᠭᠠᠵᠠᠷ ᠤᠨ ᠰᠤᠳᠤᠯᠤᠭᠴᠢ ᠰᠦᠨ ᠵᠧ ᠨᠠᠨ ᠵᠡᠷᠭᠡ ᠠᠵᠢᠯ ᠲᠥᠷᠥᠯ ᠤᠨ ᠳᠣᠲᠣᠷᠠᠬᠢ ᠲᠤᠰᠬᠠᠶ ᠮᠡᠷᠭᠡᠵᠢᠯᠲᠡᠨ ᠡᠷᠳᠡᠮᠲᠡᠳ ᠲᠣᠰ ᠲᠣᠰ ︽ᠲᠣᠮᠣ ᠵᠠᠭᠪᠤᠷ ᠤᠨ ᠪᠣᠯᠪᠠᠰᠤᠷᠠᠯ ᠢ ᠳᠡᠮᠵᠢᠬᠦ ᠺᠣᠮᠫᠢᠦ᠋ᠲ᠋ᠧᠷ ᠤᠨ ᠰᠢᠰᠲ᠋ᠧᠮ ᠤᠨ ᠰᠤᠳᠤᠯᠤᠯ ᠪᠠ ᠪᠣᠳᠣᠯᠬᠢᠯᠠᠯ︾᠂ ︽ᠳᠣᠬᠢᠭᠤᠷ ᠲᠤᠯᠤᠭᠠᠨ ᠣᠲᠣ ᠪᠠ 5G/6G ᠶᠢᠨ ᠭᠦᠨᠵᠡᠭᠡᠶ ᠠᠭᠤᠰᠤᠯᠴᠠᠯ ᠬᠢᠭᠡᠳ ᠲᠦᠮᠡᠨ ᠪᠣᠳᠠᠰ ᠤᠨ ᠬᠤᠯᠪᠣᠯᠳᠤᠯ︾᠂ ︽ᠪᠣᠶ ᠪᠣᠯᠬᠤ ᠮᠠᠶ᠋ᠢᠭ ᠤᠨ ᠵᠣᠬᠢᠶᠠᠮᠠᠯ ᠣᠶᠤᠨ ᠤ ᠬᠥᠭᠵᠢᠯᠲᠡ ᠶᠢᠨ ᠣᠳᠣᠬᠢ ᠪᠠᠶᠢᠳᠠᠯ ᠪᠠ ᠬᠠᠨᠳᠤᠰᠢ︾ ᠵᠡᠷᠭᠡ ᠪᠠᠷ ᠰᠡᠳᠦᠪ ᠪᠣᠯᠭᠠᠵᠤ᠂ ᠰᠢᠨ᠎ᠡ ᠨᠢᠭᠡ ᠦᠶ᠎ᠡ ᠶᠢᠨ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠪᠤᠳᠤᠬᠤ ᠬᠦᠴᠦᠨ ᠬᠢᠭᠡᠳ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠭᠦᠨᠵᠡᠭᠡᠶ ᠠᠭᠤᠰᠤᠯᠴᠠᠯ ᠵᠡᠷᠭᠡ ᠬᠠᠯᠠᠮᠰᠢᠯ ᠰᠡᠳᠦᠪ ᠢ ᠬᠠᠮᠲᠤ ᠪᠠᠷ ᠰᠤᠳᠤᠯᠤᠨ ᠶᠠᠷᠢᠯᠴᠠᠵᠤ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠠ ᠰᠤᠷᠭᠠᠨ ᠬᠥᠮᠦᠵᠢᠯ ᠤᠨ ᠥᠭᠡᠷᠡᠴᠢᠯᠡᠯᠲᠡ ᠳᠤ ᠬᠦᠴᠦᠲᠡᠶ ᠳᠡᠮᠵᠢᠯᠭᠡ ᠬᠠᠩᠭᠠᠪᠠ᠃    ᠡᠨᠡ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠮᠠᠷᠠᠲᠤ ᠬᠢᠯᠢ ᠶᠢᠨ ᠪᠤᠳᠤᠬᠤ ᠬᠦᠴᠦᠨ ᠤ ᠰᠤᠳᠤᠯᠭᠠᠨ ᠤ ᠬᠦᠷᠢᠶᠡᠯᠡᠩ᠂ ᠤᠯᠠᠭᠠᠨᠴᠠᠪ ᠬᠤᠲᠠ ᠶᠢᠨ ᠪᠤᠳᠤᠬᠤ ᠬᠦᠴᠦᠨ ᠤ ᠰᠤᠳᠤᠯᠭᠠᠨ ᠤ ᠰᠠᠭᠤᠷᠢᠨ ᠭᠠᠵᠠᠷ᠂ ᠤᠯᠠᠭᠠᠨᠴᠠᠪ ᠬᠤᠲᠠ ᠶᠢᠨ ᠺᠸᠠᠨ᠋ᠲ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ ᠢ ᠵᠡᠷᠭᠡᠪᠡᠷ ᠶᠠᠪᠤᠭᠳᠠᠭᠤᠯᠪᠠ᠃ ᠵᠢᠨᠢᠩ ᠤᠨ ᠪᠠᠭᠰᠢ ᠶᠢᠨ ᠳᠡᠭᠡᠳᠦ ᠰᠤᠷᠭᠠᠭᠤᠯᠢ ᠪᠡᠭᠡᠵᠢᠩ ᠤᠨ ᠵᠦᠩ ᠱᠧᠩ ᠬᠤᠸᠠ ᠠᠨ ᠮᠡᠳᠡᠭᠡ ᠵᠠᠩᠭᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠤᠯᠠᠭᠠᠨᠴᠠᠪ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠺᠸᠠᠨ᠋ᠽᠢ ᠪᠦᠯᠦᠭᠯᠡᠯ ᠤᠨ ᠤᠮᠠᠷᠠᠲᠤ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠤᠯᠠᠭᠠᠨᠴᠠᠪ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠤᠯᠠᠭᠠᠨᠴᠠᠪ ᠤᠨ ᠬᠤᠪᠢᠶᠠᠷᠢ ᠺᠣᠮᠫᠠᠨᠢ ᠵᠡᠷᠭᠡ 8 ᠠᠵᠤ ᠠᠬᠤᠶᠢᠯᠠᠯ ᠲᠠᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠬᠤᠶᠠᠷ ᠲᠠᠯ᠎ᠠ ᠪᠠᠷ ᠢᠶᠠᠨ ᠴᠢᠳᠠᠪᠤᠷᠢᠲᠠᠨ ᠢ ᠬᠥᠮᠦᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ᠂ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠤᠯᠠᠨ ᠬᠦᠷᠢᠶᠡᠨ ᠳᠤ ᠭᠦᠨᠵᠡᠭᠡᠢ ᠬᠠᠮᠲᠤᠷᠠᠯᠴᠠᠭ᠎ᠠ ᠬᠢᠵᠦ᠂ ︽ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ︾ ᠶᠢ ᠨᠢᠭᠡ ᠴᠤᠬᠴᠠᠵᠢᠭᠤᠯᠤᠬᠰᠠᠨ ᠪᠤᠳᠤᠬᠤ ᠬᠦᠴᠦᠨ ᠤ ᠪᠠᠶᠢᠭᠤᠯᠤᠯᠲᠠ ᠶᠢᠨ ᠬᠠᠮᠵᠢᠯᠴᠠᠨ ᠰᠢᠨ᠎ᠡ ᠶᠢ ᠡᠭᠦᠳᠬᠦ ᠰᠢᠰᠲ᠋ᠧᠮ ᠤᠨ ᠰᠢᠨ᠎ᠡ ᠵᠠᠭᠪᠤᠷ ᠢ ᠬᠠᠮᠲᠤ ᠪᠠᠷ ᠬᠠᠶᠢᠨ ᠰᠦᠪᠡᠭᠴᠢᠯᠡᠬᠦ ᠪᠣᠯᠤᠨ᠎ᠠ᠃    ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠸᠢ ᠵᠢᠶᠠᠩ ᠪᠤᠳᠤᠬᠤ ᠬᠦᠴᠦᠨ ᠤ ᠰᠤᠳᠤᠯᠭᠠᠨ ᠤ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠤᠳᠤᠬᠤ ᠬᠦᠴᠦᠨ ᠤ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠲᠤᠰᠬᠠᠶᠢᠵᠢᠭᠰᠠᠨ ᠰᠤᠳᠤᠯᠭᠠᠨ ᠤ ᠬᠦᠷᠢᠶᠡᠯᠡᠩ ᠪᠣᠯᠤᠭᠰᠠᠨ ᠤ ᠬᠤᠪᠢ ᠳᠤ᠂ ᠤᠯᠠᠭᠠᠨᠴᠠᠪ ᠬᠤᠲᠠ ᠶᠢᠨ ᠥᠪᠡᠷᠮᠢᠴᠡ ᠲᠣᠮᠣ ᠳ᠋ᠠᠶᠢᠲ᠋ᠠ ᠬᠢᠭᠡᠳ ᠪᠤᠳᠤᠬᠤ ᠬᠦᠴᠦᠨ ᠤ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ︽ᠵᠡᠭᠦᠨ ᠪᠡᠶ᠎ᠡ ᠶᠢᠨ ᠲᠤᠭ᠎ᠠ ᠶᠢ ᠪᠠᠷᠠᠭᠤᠨ ᠪᠡᠶ᠎ᠡ ᠳᠤ ᠪᠤᠳᠤᠬᠤ︾ ︽ᠴᠠᠬᠢᠯᠭᠠᠨ ᠢ ᠬᠠᠮᠲᠤᠷᠠᠭᠤᠯᠬᠤ︾ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠰᠢᠨᠵᠢᠯᠡᠬᠦ ᠤᠬᠠᠭᠠᠨ ᠤ ᠰᠤᠳᠤᠯᠭᠠᠨ᠂ ᠰᠤᠷᠭᠠᠨ ᠬᠥᠮᠦᠵᠢᠯ ᠬᠢᠭᠡᠳ ᠠᠵᠤ ᠦᠢᠯᠡᠰ ᠤᠨ ᠡᠯᠧᠮᠧᠨ᠋ᠲ ᠢ ᠲᠠᠰᠤᠷᠠᠯᠲᠠ ᠥᠬᠡᠶ ᠡᠮᠬᠢᠯᠡᠨ ᠨᠡᠶᠢᠯᠡᠭᠦᠯᠵᠦ᠂ ᠪᠣᠬᠢᠷᠲᠤᠯ ᠥᠬᠡᠶ ᠪᠤᠳᠤᠬᠤ ᠬᠦᠴᠦᠨ ᠤ ᠰᠠᠭᠤᠷᠢ ᠣᠨᠣᠯ ᠤᠨ ᠰᠤᠳᠤᠯᠭᠠᠨ᠂ ᠺᠸᠠᠨ᠋ᠲ ᠤᠨ ᠠᠮᠤᠷ ᠲᠦᠪᠰᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠪᠠ ᠣᠶᠤᠨᠴᠢ ᠰᠤᠷᠭᠠᠨ ᠬᠥᠮᠦᠵᠢᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠥᠨᠳᠥᠷ ᠬᠢᠷᠢ ᠲᠦᠪᠰᠢᠨ ᠪᠥᠬᠦᠶ ᠶᠡᠷᠦᠩᠬᠡᠶᠢᠯᠡᠭᠰᠡᠨ ᠲᠠᠪᠴᠠᠩ ᠢ ᠪᠠᠶᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠳᠤᠬᠤ ᠬᠦᠴᠦᠨ ᠤ ᠰᠤᠳᠤᠯᠭᠠᠨ ᠵᠢᠴᠢ ᠴᠢᠳᠠᠪᠤᠷᠢᠲᠠᠨ ᠢ ᠬᠥᠮᠦᠵᠢᠭᠦᠯᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃    
 
ᠢᠷᠡᠯᠲᠡ᠄ ᠣᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2