12 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ ᠠᠵᠤ | ᠠᠬᠤᠶ ᠶᠢᠨ ᠪᠠᠶᠢᠭᠤᠯᠤᠮᠵᠢ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠡᠨᠧᠷᠭᠢ ᠶᠢᠨ ᠬᠠᠤᠯᠢ︾ ᠶᠢ ᠭᠦᠨᠵᠡᠭᠡᠶ ᠰᠤᠷᠤᠯᠴᠠᠵᠤ᠂ 2025 ᠣᠨ ᠤ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠵᠠᠰᠠᠪᠤᠷᠢ | ᠣᠷᠣᠭᠤᠯᠬᠤ ᠰᠠᠨᠠᠯ ᠰᠠᠨᠠᠭᠤᠯᠭ᠎ᠠ ᠶᠢ ᠰᠤᠳᠤᠯᠤᠨ ᠶᠠᠷᠢᠯᠴᠠᠵᠤ᠂ ︽ᠤᠯᠠᠭᠠᠨᠴᠠᠪ ᠬᠤᠲᠠ ᠶᠢᠨ ᠰᠤᠷᠤᠭᠴᠢᠳ ᠤᠨ | ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾᠂ ︽ | ᠤᠯᠠᠭᠠᠨᠴᠠᠪ ᠬᠤᠲᠠ ᠶᠢᠨ ᠬᠤᠲᠠ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠬᠠᠮᠢᠶᠠᠷᠤᠯᠲᠠ ᠶᠢᠨ ᠠᠷᠭ᠎ᠠ︾ | ᠶᠢ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ | ᠪᠠᠶᠢᠭᠤᠯᠤᠮᠵᠢ ᠨᠢ ᠰᠤᠷᠤᠭᠴᠢᠳ ᠤᠨ ᠠᠮᠤᠷ ᠲᠦᠪᠰᠢᠨ ᠡᠷᠡᠭᠦᠯ ᠢᠶᠠᠷ ᠦᠰᠦᠨ ᠪᠤᠶᠢᠵᠢᠬᠤ ᠲᠠᠢ ᠬᠤᠯᠪᠣᠭᠳᠠᠵᠤ᠂ | ᠬᠡᠷ ᠤᠨ ᠠᠬᠠᠮᠠᠳ᠂ ᠰᠤᠷᠤᠭᠴᠢᠳ ᠤᠨ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠃ ᠡᠯ᠎ᠡ ᠱᠠᠲᠤ ᠡᠯ᠎ᠡ | ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠬᠠᠮᠵᠢᠯᠴᠠᠨ ᠬᠠᠮᠲᠤᠷᠠᠯᠴᠠᠬᠤ ᠪᠠᠨ | ᠴᠢᠩᠭᠠᠳᠬᠠᠵᠤ᠂ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠠᠵᠢᠯ ᠲᠥᠷᠥᠯ ᠤᠨ ᠵᠢᠷᠤᠮᠵᠢᠯ ᠲᠠᠢ | ᠡᠮᠬᠢ ᠵᠢᠷᠤᠮ ᠲᠠᠢ ᠬᠥᠭᠵᠢᠯᠲᠡ ᠶᠢ ᠬᠦᠴᠦ ᠪᠠᠨ ᠬᠠᠮᠲᠤᠳᠬᠠᠨ ᠠᠬᠢᠭᠤᠯᠵᠤ᠂ ᠵᠠᠯᠠᠭᠤᠴᠤᠳ ᠪᠠᠭᠠᠴᠤᠳ ᠤᠨ | ᠡᠷᠡᠭᠦᠯ ᠢᠶᠠᠷ ᠦᠰᠦᠨ ᠪᠤᠶᠢᠵᠢᠬᠤ ᠳᠤ ᠠᠮᠤᠷ ᠲᠦᠪᠰᠢᠨ ᠰᠠᠨᠠᠭ᠎ᠠ ᠠᠮᠤᠷ ᠣᠷᠴᠢᠨ ᠲᠣᠭᠤᠷᠢᠨ ᠢ ᠦᠨᠡᠨᠬᠦ ᠪᠣᠶ | ᠪᠣᠯᠭᠠᠬᠤ ᠬᠡᠷᠡᠭᠲᠡᠶ᠃ ᠬᠤᠲᠠ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠨᠢ ᠲᠦᠭ ᠲᠦᠮᠡᠨ ᠠᠶᠢᠯ | ᠡᠷᠦᠬᠡ ᠳᠤ ᠬᠤᠯᠪᠣᠭᠳᠠᠵᠤ᠂ ᠣᠯᠠᠨ ᠲᠦᠮᠡᠨ ᠤ ᠬᠠᠮᠤᠭ ᠤᠨ ᠰᠡᠳᠬᠢᠯ ᠲᠠᠯᠪᠢᠵᠤ ᠪᠠᠶᠢᠭ᠎ᠠ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠨᠢᠭᠡ ᠪᠣᠯᠤᠨ᠎ᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ | ᠬᠦᠴᠦ ᠪᠠᠨ ᠬᠠᠮᠲᠤᠳᠬᠠᠨ᠂ ᠨᠢᠭᠲᠠ ᠬᠠᠮᠵᠢᠯᠴᠠᠵᠤ᠂ ᠢᠯᠴᠢ ᠬᠠᠩᠭᠠᠬᠤ ᠲᠦᠭᠰᠢᠭᠦᠷᠢ ᠶᠢᠨ ᠭᠡᠮ ᠰᠣᠭᠤᠭ ᠢ ᠪᠦᠬᠦ | ᠲᠠᠯ᠎ᠠ ᠪᠠᠷ ᠵᠢᠭᠰᠠᠭᠠᠨ ᠪᠠᠶᠢᠴᠠᠭᠠᠵᠤ᠂ ᠢᠯᠴᠢ ᠬᠠᠩᠭᠠᠬᠤ ᠬᠤᠭᠤᠴᠠᠭᠠᠨ ᠳᠠᠬᠢ ︽ᠠᠷᠠᠳ ᠢ ᠰᠤᠷᠪᠤᠯᠵᠢᠯᠠᠵᠤ | ᠳᠤᠯᠠᠭᠠᠯᠠᠭ᠎ᠠ ᠶᠢ ᠠᠰᠠᠭᠤᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠢᠯᠴᠢ ᠬᠠᠩᠭᠠᠬᠤ ᠶᠠᠰᠤ ᠴᠢᠨᠠᠷ | ᠪᠣᠯᠤᠨ ᠦᠢᠯᠡᠴᠢᠯᠡᠭᠡᠨ ᠤ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ | |