ᠬᠤᠲᠠ ᠶᠢᠨ ᠴᠠᠭ ᠠᠭᠤᠷ ᠤᠨ ᠲᠣᠪᠴᠢᠶ᠎ᠠ
ᠨᠡᠶᠢᠲᠡᠯᠡᠭᠰᠡᠨ ᠴᠠᠭ᠄
2024/12/24
    ᠤᠯᠠᠭᠠᠨᠴᠠᠪ ᠬᠤᠲᠠ ᠶᠢᠨ ᠴᠠᠭ ᠠᠭᠤᠷ ᠤᠨ ᠲᠣᠪᠴᠢᠶ᠎ᠠ ᠶᠢᠨ ᠪᠠᠶᠢᠭᠤᠯᠤᠮᠵᠢ ᠶᠢᠨ ᠪᠠᠷᠢᠮᠵᠢᠶ᠎ᠠ ᠨᠢ ᠵᠢᠩᠬᠢᠨᠢ ᠭᠠᠵᠠᠷ ᠤᠨ ᠳᠡᠰ ᠪᠣᠯᠤᠨ᠎ᠠ᠃     ᠨᠢᠭᠡ᠂ ᠭᠤᠣᠯ ᠡᠭᠦᠷᠭᠡ ᠬᠠᠷᠢᠭᠤᠴᠠᠯᠭ᠎ᠠ᠄     ︵ᠨᠢᠭᠡ︶ ᠴᠠᠭ ᠠᠭᠤᠷ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠲᠣᠭᠲᠠᠭᠠᠬᠤ ᠶᠢ ᠬᠠᠷᠢᠭᠤᠴᠠᠨ᠎ᠠ︔ ᠴᠠᠭ ᠠᠭᠤᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠢᠨ‌‍ᠲ᠋ᠥ᠋ᠷᠥᠯ ᠵᠦᠢᠯ ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ︔ ᠴᠠᠭ ᠠᠭᠤᠷ ᠤᠨ ᠠᠵᠢᠯᠯᠠᠭ᠎ᠠ ᠶᠢ ᠵᠢᠯᠣᠭᠤᠳᠬᠤ᠂ ᠬᠢᠨᠠᠯᠲᠠ ᠲᠠᠯᠪᠢᠬᠤ ᠪᠠ ᠠᠵᠢᠯ ᠲᠥᠷᠥᠯ ᠢ ᠬᠠᠮᠢᠶᠠᠷᠤᠨ᠎ᠠ᠃     ︵ᠬᠤᠶᠠᠷ︶ ᠴᠠᠭ ᠠᠭᠤᠷ ᠤᠨ ᠬᠤᠷᠢᠶ᠎ᠠ ᠥᠷᠲᠡᠭᠡ ᠪᠠ ᠴᠠᠭ ᠠᠭᠤᠷ ᠤᠨ ᠪᠡᠯᠡᠳᠬᠡᠮᠵᠢ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠬᠠᠮᠠᠭᠠᠯᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠴᠠᠭ ᠠᠭᠤᠷ ᠢ ᠬᠠᠶᠢᠨ ᠬᠡᠮᠵᠢᠬᠦ ᠮᠠᠲ᠋ᠧᠷᠢᠶᠠᠯ ᠢ ᠴᠤᠭᠯᠠᠭᠤᠯᠬᠤ᠂ ᠳᠠᠮᠵᠢᠭᠤᠯᠬᠤ᠂ ᠬᠤᠷᠢᠶᠠᠩᠭᠤᠶᠢᠯᠠᠨ ᠲᠤᠰᠢᠶᠠᠬᠤ ᠪᠠ ᠬᠡᠷᠡᠭᠯᠡᠬᠦ ᠶᠢ ᠵᠣᠬᠢᠶᠠᠨ ᠪᠠᠶᠢᠭᠤᠯᠤᠨ ᠬᠠᠮᠢᠶᠠᠷᠤᠨ᠎ᠠ︔ ᠴᠠᠭ ᠠᠭᠤᠷ ᠤᠨ ᠪᠡᠯᠡᠳᠬᠡᠮᠵᠢ ᠪᠠ ᠬᠠᠶᠢᠨ ᠬᠡᠮᠵᠢᠬᠦ ᠣᠷᠴᠢᠨ ᠲᠣᠭᠤᠷᠢᠨ ᠢ ᠬᠠᠤᠯᠢ ᠶᠣᠰᠣᠭᠠᠷ ᠬᠠᠮᠠᠭᠠᠯᠠᠨ᠎ᠠ᠃     ︵ᠭᠤᠷᠪᠠ︶ ᠴᠠᠭ ᠠᠭᠤᠷ ᠢ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ᠂ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠴᠠᠭ ᠠᠭᠤᠷ ᠤᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠳᠤᠷᠠᠳᠬᠤ ᠶᠢᠨ ᠬᠠᠮᠲᠤ ᠬᠦᠨᠳᠦ ᠶᠡᠭᠡ ᠴᠠᠭ ᠠᠭᠤᠷ ᠤᠨ ᠭᠠᠮᠰᠢᠭ ᠤᠨ ᠨᠥᠯᠥᠭᠡ ᠶᠢ ᠦᠨᠡᠯᠡᠨ ᠵᠢᠱᠢᠵᠦ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠴᠠᠭ ᠠᠭᠤᠷ ᠤᠨ ᠭᠠᠮᠰᠢᠭ ᠢ ᠵᠣᠬᠢᠶᠠᠨ ᠪᠠᠶᠢᠭᠤᠯᠤᠨ ᠰᠡᠷᠭᠡᠶᠢᠯᠡᠬᠦ ᠳᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠨᠳᠦᠰᠦᠯᠡᠯ ᠬᠠᠩᠭᠠᠨ᠎ᠠ︔ ᠣᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡ᠂ ᠭᠠᠮᠰᠢᠭ ᠤᠨ ᠴᠢᠨᠠᠷᠲᠠᠶ ᠴᠠᠭ ᠠᠭᠤᠷ ᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ᠂ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠵᠢᠴᠢ ᠠᠮᠢ ᠠᠬᠤᠶ ᠬᠢᠭᠡᠳ ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ ᠦᠢᠯᠡᠴᠢᠯᠡᠭᠡ᠂ ᠬᠤᠲᠠ ᠶᠢᠨ ᠴᠠᠭ ᠠᠭᠤᠷ ᠤᠨ ᠦᠢᠯᠡᠴᠢᠯᠡᠭᠡ᠂ ᠣᠷᠴᠢᠨ ᠲᠣᠭᠤᠷᠢᠨ ᠤ ᠴᠠᠭ ᠠᠭᠤᠷ ᠤᠨ ᠦᠢᠯᠡᠴᠢᠯᠡᠭᠡ᠂ ᠭᠠᠯ ᠤᠨ ᠠᠶᠤᠯ ᠤᠨ ᠴᠠᠭ ᠠᠭᠤᠷ ᠤᠨ ᠵᠡᠷᠭᠡ ᠲᠤᠰᠬᠠᠶ ᠠᠵᠢᠯ ᠤᠨ ᠴᠠᠭ ᠠᠭᠤᠷ ᠤᠨ ᠦᠢᠯᠡᠴᠢᠯᠡᠭᠡᠨ ᠤ ᠠᠵᠢᠯ ᠢ ᠬᠠᠮᠢᠶᠠᠷᠤᠨ᠎ᠠ᠃     ︵ᠲᠦᠷᠪᠡ︶ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠲᠥᠯᠥᠪᠵᠢᠭᠦᠯᠭᠡ ᠶᠢ ᠲᠣᠭᠲᠠᠭᠠᠬᠤ ᠪᠠ ᠬᠡᠷᠡᠭᠵᠢᠭᠦᠯᠬᠦ ᠳᠤ ᠣᠷᠣᠯᠴᠠᠨ᠎ᠠ︔ ᠴᠠᠭ ᠠᠭᠤᠷ ᠤᠨ ᠭᠠᠮᠰᠢᠭ ᠢ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ︔ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠴᠠᠭ ᠠᠭᠤᠷ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃      ︵ᠲᠠᠪᠤ︶ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ ᠵᠢᠯᠣᠭᠤᠳᠬᠤ ᠪᠠ ᠵᠣᠬᠢᠶᠠᠨ ᠪᠠᠶᠢᠭᠤᠯᠤᠨ᠎ᠠ︔ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠤᠨ ᠬᠠᠮᠢᠶᠠᠷᠴᠤ᠂ ᠴᠠᠭ ᠠᠭᠤᠷ ᠤᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠩᠭ᠎ᠠ ᠴᠠᠬᠢᠯᠭᠠᠨ ᠢ ᠰᠡᠷᠭᠡᠶᠢᠯᠡᠨ ᠬᠠᠮᠠᠭᠠᠯᠠᠬᠤ ᠲᠣᠨᠣᠭᠯᠠᠯ ᠤᠨ ᠵᠢᠷᠤᠭ ᠲᠥᠯᠥᠪᠯᠡᠭᠡ ᠶᠢ ᠬᠢᠨᠠᠨ ᠬᠠᠷᠭᠤᠭᠤᠯᠬᠤ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠢᠴᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ︔ ᠬᠡᠢ ᠪᠥᠮᠪᠦᠭᠡ ᠲᠠᠯᠪᠢᠬᠤ ᠬᠢᠷᠢ ᠬᠡᠮ ᠪᠠ ᠠᠵᠢᠯᠯᠠᠭ᠎ᠠ ᠶᠢ ᠬᠢᠨᠠᠨ ᠵᠥᠪᠰᠢᠶᠡᠷᠡᠬᠦ ᠵᠢᠴᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃    ︵ᠵᠢᠷᠭᠤᠭ᠎ᠠ︶ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠠᠭᠤᠷ ᠠᠮᠢᠰᠬᠤᠯ ᠤᠨ ᠡᠬᠢ ᠪᠠᠶᠠᠯᠢᠭ ᠢ ᠠᠰᠢᠭᠯᠠᠬᠤ᠂ ᠬᠠᠮᠠᠭᠠᠯᠠᠬᠤ ᠪᠠ ᠠᠭᠤᠷ ᠠᠮᠢᠰᠬᠤᠯ ᠤᠨ ᠡᠬᠢ ᠪᠠᠶᠠᠯᠢᠭ ᠤᠨ ᠣᠷᠣᠨ ᠬᠤᠪᠢᠶᠠᠷᠢᠯᠠᠯ ᠢ ᠳᠡᠯᠭᠡᠷᠡᠭᠦᠯᠦᠨ ᠬᠡᠷᠡᠭᠯᠡᠬᠦ ᠵᠡᠷᠭᠡ ᠦᠷ᠎ᠡ ᠪᠦᠲᠦᠭᠡᠯ ᠢ ᠳᠤᠷᠠᠳᠬᠤ ᠰᠠᠨᠠᠭᠤᠯᠭ᠎ᠠ ᠳᠤᠷᠠᠳᠬᠤ ᠶᠢ ᠬᠠᠷᠢᠭᠤᠴᠠᠨ᠎ᠠ︔ ᠠᠭᠤᠷ ᠠᠮᠢᠰᠬᠤᠯ ᠤᠨ ᠪᠣᠯᠤᠮᠵᠢᠲᠤ ᠨᠤᠲᠠᠯᠠᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠠᠵᠢᠯ ᠳᠤ ᠣᠷᠣᠯᠴᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠬᠢᠨᠠᠨ ᠬᠡᠮᠵᠢᠬᠦ᠂ ᠨᠥᠯᠥᠭᠡ ᠶᠢ ᠦᠨᠡᠯᠡᠨ ᠵᠢᠱᠢᠬᠦ᠂ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ᠂ ᠰᠢᠢᠳᠪᠦᠷᠢᠲᠦ ᠪᠤᠳᠤᠯᠭ᠎ᠠ ᠶᠢᠨ ᠵᠥᠪᠯᠡᠯᠭᠡ ᠪᠠ ︽ᠬᠤᠣᠰ ᠨᠡᠭᠦᠷᠡᠰᠦᠲᠥ᠋ᠷᠥᠭᠴᠢ︾ ᠶᠢᠨ ᠠᠭᠤᠷ ᠠᠮᠢᠰᠬᠤᠯ ᠤᠨ ᠦᠢᠯᠡᠴᠢᠯᠡᠭᠡ ᠶᠢ ᠵᠣᠬᠢᠶᠠᠨ ᠪᠠᠶᠢᠭᠤᠯᠤᠨ ᠦᠷᠨᠢᠭᠦᠯᠦᠨ᠎ᠡ︔ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠵᠣᠬᠢᠶᠠᠨ ᠪᠠᠶᠢᠭᠤᠯᠤᠨ᠎ᠠ᠃    ︵ᠳᠤᠯᠤᠭ᠎ᠠ︶ ᠴᠠᠭ ᠠᠭᠤᠷ ᠤᠨ ᠬᠠᠤᠯᠢ ᠳᠦᠷᠢᠮ ᠤᠨ ᠤᠬᠠᠭᠤᠯᠭ᠎ᠠ ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠴᠠᠭ ᠠᠭᠤᠷ ᠤᠨ ᠬᠠᠤᠯᠢ ᠲᠣᠭᠲᠠᠭᠠᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠬᠤᠯᠪᠣᠭᠳᠠᠯ ᠪᠦᠬᠦᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠰᠢᠢᠳᠬᠡᠨ ᠲᠣᠷᠭᠠᠵᠤ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠶᠢ ᠡᠭᠦᠷᠭᠡᠯᠡᠨ᠎ᠡ︔ ᠴᠠᠭ ᠠᠭᠤᠷ ᠤᠨ ᠰᠢᠨᠵᠢᠯᠡᠬᠦ ᠤᠬᠠᠭᠠᠨ ᠤ ᠮᠡᠳᠡᠯᠭᠡ ᠶᠢ ᠵᠣᠬᠢᠶᠠᠨ ᠪᠠᠶᠢᠭᠤᠯᠤᠨ ᠤᠬᠠᠭᠤᠯᠵᠤ᠂ ᠲᠦᠭᠡᠮᠡᠯᠵᠢᠭᠦᠯᠦᠨ᠎ᠡ︔ ᠴᠠᠭ ᠠᠭᠤᠷ ᠤᠨ ᠪᠠᠷᠢᠮᠵᠢᠶᠠᠵᠢᠭᠤᠯᠬᠤ ᠠᠵᠢᠯ ᠥᠷᠨᠢᠭᠦᠯᠬᠦ ᠶᠢ ᠬᠠᠷᠢᠭᠤᠴᠠᠨ᠎ᠠ᠃     ︵ᠨᠠᠢᠮᠠ︶ ᠲᠥᠯᠥᠪᠯᠡᠭᠡ ᠡᠳ᠋ ᠤᠨ ᠶᠠᠪᠤᠳᠠᠯ᠂ ᠠᠵᠢᠯᠲᠠᠨ ᠤ ᠶᠠᠪᠤᠳᠠᠯ ᠤᠨ ᠴᠢᠳᠠᠪᠤᠷᠢᠲᠠᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠯᠲᠠ ᠲᠠᠯᠪᠢᠬᠤ ᠪᠠ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠨᠢᠭᠡᠳᠦᠯᠲᠡᠢ ᠤᠳᠤᠷᠢᠳᠤᠨ ᠬᠠᠮᠢᠶᠠᠷᠤᠨ᠎ᠠ᠃ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠴᠠᠭ ᠠᠭᠤᠷ ᠤᠨ ᠪᠠᠶᠢᠭᠤᠯᠤᠮᠵᠢ ᠳᠤ ᠰᠠᠯᠠᠭ᠎ᠠ ᠮᠥᠴᠢᠷ ᠢᠶᠠᠷ ᠭᠤᠣᠯ ᠪᠣᠯᠭᠠᠭᠰᠠᠨ ᠳᠠᠪᠬᠤᠷ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠨᠠᠮ ᠤᠨ ᠪᠠᠶᠢᠭᠤᠯᠤᠯᠲᠠ᠂ ᠤᠶᠤᠨ ᠤ ᠪᠣᠯᠪᠠᠰᠤᠨ ᠪᠠ ᠴᠠᠭ ᠠᠭᠤᠷ ᠤᠨ ᠰᠣᠶᠣᠯ ᠤᠨ ᠪᠠᠶᠢᠭᠤᠯᠤᠯᠲᠠ ᠶᠢ ᠬᠠᠷᠢᠭᠤᠴᠠᠨ᠎ᠠ᠃     ︵ᠶᠢᠰᠦ︶ ᠳᠡᠭᠡᠳᠦ ᠱᠠᠲᠤᠨ ᠤ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠪᠣᠯᠤᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠢᠯ ᠢ ᠡᠭᠦᠷᠭᠡᠯᠡᠨ᠎ᠡ᠃    ᠬᠤᠶᠠᠷ᠂ ᠳᠣᠲᠣᠭᠠᠳᠤ ᠪᠠᠶᠢᠭᠤᠯᠤᠮᠵᠢ᠄    ᠠᠯᠪᠠᠨ ᠭᠡᠷ ︵ᠲᠦᠷᠦ ᠶᠢᠨ ᠪᠤᠳᠤᠯᠭ᠎ᠠ ᠬᠠᠤᠯᠢ ᠲᠤᠭᠲᠠᠭᠠᠯ ᠤᠨ ᠰᠠᠯᠠᠭ᠎ᠠ︶᠂ ᠲᠤᠬᠠᠶᠢᠯᠠᠭᠰᠠᠨ ᠠᠵᠢᠯ ᠤᠨ ᠬᠠᠮᠢᠶᠠᠷᠤᠯᠳᠠ ᠶᠢᠨ ᠰᠠᠯᠠᠭ᠎ᠠ᠂ ᠲᠦᠯᠦᠪᠯᠡᠭᠡ ᠡᠳ᠋ ᠤᠨ ᠶᠠᠪᠤᠳᠠᠯ ᠤᠨ ᠰᠠᠯᠠᠭ᠎ᠠ ᠪᠠ ᠠᠵᠢᠯᠳᠠᠨ ᠤ ᠶᠠᠪᠤᠳᠠᠯ ᠤᠨ ᠰᠠᠯᠠᠭ᠎ᠠ ᠵᠡᠷᠭᠡ 4 ᠡᠷᠭᠡ ᠲᠤᠰᠢᠶᠠᠯ ᠤᠨ ᠰᠠᠯᠠᠭ᠎ᠠ ︵ᠲᠠᠰᠤᠭ︶᠃     ︵ᠨᠢᠭᠡ︶ ᠠᠯᠪᠠᠨ ᠭᠡᠷ    ᠲᠣᠪᠴᠢᠶ᠎ᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ ᠵᠣᠬᠢᠴᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠡᠭᠦᠷᠭᠡ ᠶᠢ ᠡᠭᠦᠷᠭᠡᠯᠡᠨ᠎ᠡ︔ ᠤᠯᠠᠭᠠᠨᠴᠠᠪ ᠬᠤᠲᠠ ᠶᠢᠨ ᠴᠠᠭ ᠠᠭᠤᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠵᠥᠪᠯᠡᠯᠭᠡ ᠥᠭᠬᠦ ᠡᠭᠦᠷᠭᠡ ᠶᠢ ᠡᠭᠦᠷᠭᠡᠯᠡᠨ᠎ᠡ︔ ᠪᠦᠬᠦ ᠲᠠᠯ᠎ᠠ ᠶᠢᠨ ᠨᠠᠷᠢᠨ ᠪᠢᠴᠢᠭ᠂ ᠨᠢᠭᠤᠴᠠ ᠮᠠᠲ᠋ᠧᠷᠢᠶᠠᠯ᠂ ᠳᠠᠩᠰᠠ ᠡᠪᠬᠡᠮᠡᠯ᠂ ᠮᠡᠳᠡᠭᠡ ᠵᠠᠩᠭᠢ᠂ ᠵᠠᠬᠢᠳᠠᠯ ᠰᠤᠷᠪᠤᠯᠵᠢᠯᠠᠭ᠎ᠠ᠂ ᠨᠢᠭᠤᠴᠠ ᠶᠢ ᠬᠠᠮᠠᠭᠠᠯᠠᠬᠤ᠂ ᠤᠬᠠᠭᠤᠯᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠬᠠᠮᠠᠭᠠᠯᠠᠬᠤ ᠠᠵᠢᠯ ᠢ ᠡᠭᠦᠷᠭᠡᠯᠡᠨ᠎ᠡ︔ ᠪᠠᠶᠢᠭᠤᠯᠭ᠎ᠠ ᠶᠢᠨ ᠠᠵᠢᠯ ᠪᠠ ᠬᠤᠷᠠᠯ ᠤᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ︔ ᠶᠡᠷᠦᠩᠬᠡᠶᠢᠯᠡᠭᠰᠡᠨ ᠴᠢᠨᠠᠷᠲᠠᠶ ᠠᠵᠢᠯ ᠤᠨ ᠲᠥᠯᠥᠪᠯᠡᠭᠡ᠂ ᠳ᠋ᠦᠩᠨᠡᠯᠲᠡ᠂ ᠳᠦᠷᠢᠮ ᠢ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠬᠤ᠂ ᠪᠠᠶᠢᠴᠠᠭᠠᠬᠤ᠂ ᠱᠠᠭᠠᠷᠳᠠᠨ ᠭᠦᠢᠴᠡᠳᠬᠡᠬᠦ ᠶᠢ ᠬᠠᠷᠢᠭᠤᠴᠠᠨ᠎ᠠ︔ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ᠂ ᠵᠠᠰᠠᠭ ᠵᠠᠬᠢᠷᠭᠠᠨ ᠤ ᠠᠷᠤ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ ᠬᠢᠭᠡᠳ ᠪᠠᠲᠤᠯᠠᠭ᠎ᠠ ᠶᠢ ᠬᠠᠷᠢᠭᠤᠴᠠᠨ᠎ᠠ︔ ᠪᠠᠶᠢᠭᠤᠯᠭ᠎ᠠ ᠶᠢᠨ ᠡᠯᠧᠺᠲᠷᠣᠨ ᠵᠠᠰᠠᠭ ᠤᠨ ᠶᠠᠪᠤᠳᠠᠯ ᠪᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠡᠭᠦᠷᠭᠡᠯᠡᠨ᠎ᠡ︔ ᠴᠠᠭ ᠠᠭᠤᠷ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠎ᠠ︔ ᠴᠠᠭ ᠠᠭᠤᠷ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠲᠥᠰᠦᠯ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠴᠠᠭ ᠠᠭᠤᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠢᠰᠲ᠋ᠧᠮ ᠤᠨ ᠪᠠᠶᠢᠭᠤᠯᠤᠯᠲᠠ ᠪᠠ ᠴᠠᠭ ᠠᠭᠤᠷ ᠤᠨ ᠬᠠᠤᠯᠢ ᠳᠦᠷᠢᠮ ᠤᠨ ᠬᠥᠮᠦᠵᠢᠯ ᠤᠬᠠᠭᠤᠯᠭ᠎ᠠ ᠶᠢ ᠵᠢᠯᠣᠭᠤᠳᠤᠨ᠎ᠠ︔ ᠴᠠᠭ ᠠᠭᠤᠷ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ︔ ᠴᠠᠭ ᠠᠭᠤᠷ ᠤᠨ ᠠᠵᠢᠯ ᠲᠥᠷᠥᠯ ᠤᠨ ᠪᠠᠷᠢᠮᠵᠢᠶᠠᠵᠢᠭᠤᠯᠬᠤ ᠠᠵᠢᠯ ᠢ ᠡᠭᠦᠷᠭᠡᠯᠡᠨ᠎ᠡ︔ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢᠨ ᠰᠤᠳᠤᠯᠬᠤ᠂ ᠵᠢᠯᠣᠭᠤᠳᠬᠤ᠂ ᠵᠥᠪᠯᠡᠯᠭᠡ ᠥᠭᠬᠦ ᠶᠢ ᠬᠠᠷᠢᠭᠤᠴᠠᠨ᠎ᠠ︔ ᠴᠠᠭ ᠠᠭᠤᠷ ᠤᠨ ᠨᠡᠶᠢᠭᠡᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠬᠤᠶᠠᠷ︶ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠰᠠᠯᠠᠭ᠎ᠠ     ᠤᠯᠠᠭᠠᠨᠴᠠᠪ ᠬᠤᠲᠠ ᠶᠢᠨ ᠴᠢᠬᠤᠯᠠ ᠶᠡᠭᠡ ᠲᠤᠬᠠᠶᠢᠯᠠᠭᠰᠠᠨ ᠠᠵᠢᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠬᠤ ᠠᠵᠢᠯ ᠢ ᠬᠠᠷᠢᠭᠤᠴᠠᠨ᠎ᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠣᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠴᠠᠭ ᠠᠭᠤᠷ ᠢ ᠬᠡᠮᠵᠢᠨ ᠮᠡᠳᠡᠭᠦᠯᠬᠦ᠂ ᠤᠷᠢᠳᠴᠢᠯᠠᠨ ᠮᠡᠳᠡᠭᠡᠯᠡᠬᠦ᠂ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠬᠠᠮᠢᠶᠠᠷᠬᠤ᠂ ᠵᠣᠬᠢᠶᠠᠨ ᠪᠠᠶᠢᠭᠤᠯᠤᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠠᠮᠢ ᠠᠬᠤᠶ ᠬᠢᠭᠡᠳ ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ ᠦᠢᠯᠡᠴᠢᠯᠡᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠬᠢᠨᠠᠨ ᠰᠢᠯᠭᠠᠯᠲᠠ ᠶᠢ ᠬᠠᠷᠢᠭᠤᠴᠠᠨ᠎ᠠ᠃ ᠤᠷᠢᠳᠴᠢᠯᠠᠨ ᠮᠡᠳᠡᠭᠡᠯᠡᠬᠦ ᠲᠤᠬᠠᠶᠢᠯᠠᠭᠰᠠᠨ ᠠᠵᠢᠯ ᠢ ᠬᠠᠷᠢᠭᠤᠴᠠᠨ᠎ᠠ᠃ ᠴᠠᠭ ᠠᠭᠤᠷ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠤᠯᠠᠭᠠᠨᠴᠠᠪ ᠬᠤᠲᠠ ᠶᠢᠨ ᠣᠷᠣᠨ ᠪᠦᠰᠡ ᠶᠢᠨ ᠳᠣᠲᠣᠷᠠᠬᠢ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠭᠤᠷᠪᠠ︶ ᠲᠥᠯᠥᠪᠯᠡᠭᠡ ᠡᠳ᠋ ᠤᠨ ᠶᠠᠪᠤᠳᠠᠯ ᠤᠨ ᠰᠠᠯᠠᠭ᠎ᠠ     ᠲᠥᠯᠥᠪᠯᠡᠭᠡ ᠡᠳ᠋ ᠤᠨ ᠶᠠᠪᠤᠳᠠᠯ ᠤᠨ ᠠᠵᠢᠯ ᠢ ᠬᠢᠨᠠᠨ ᠡᠵᠡᠮᠳᠡᠬᠦ᠂ ᠬᠢᠨᠠᠯᠲᠠ ᠲᠠᠯᠪᠢᠬᠤ᠂ ᠪᠠᠶᠢᠴᠠᠭᠠᠬᠤ ᠪᠠ ᠵᠢᠯᠣᠭᠤᠳᠬᠤ ᠠᠵᠢᠯ ᠢ ᠬᠠᠷᠢᠭᠤᠴᠠᠵᠤ᠂ ᠲᠥᠰᠦᠪ᠂ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ᠂ ᠲᠥᠰᠦᠪ ᠤᠨ ᠠᠬᠢᠴᠠ ᠶᠢ ᠭᠦᠢᠴᠡᠳᠬᠡᠭᠰᠡᠨ ᠪᠠᠶᠢᠳᠠᠯ ᠤᠨ ᠬᠠᠮᠢᠶᠠᠷᠤᠯᠲᠠ ᠶᠢ ᠬᠠᠷᠢᠭᠤᠴᠠᠵᠤ᠂ ᠪᠦᠬᠦ ᠬᠤᠲᠠ ᠶᠢᠨ ᠴᠠᠭ ᠠᠭᠤᠷ ᠤᠨ ᠰᠠᠯᠠᠭ᠎ᠠ ᠮᠥᠴᠢᠷ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠪᠠ ᠡᠯ᠎ᠡ ᠲᠥᠷᠥᠯ ᠤᠨ ᠪᠡᠯᠡ ᠮᠥᠩᠭᠦ ᠶᠢᠨ ᠬᠠᠮᠢᠶᠠᠷᠤᠯᠲᠠ᠂ ᠪᠦᠬᠦ ᠬᠤᠲᠠ ᠶᠢᠨ ᠴᠠᠭ ᠠᠭᠤᠷ ᠤᠨ ᠰᠠᠯᠠᠭ᠎ᠠ ᠮᠥᠴᠢᠷ ᠤᠨ ᠣᠷᠣᠨ ᠰᠠᠭᠤᠴᠠ ᠶᠢᠨ ᠥᠭᠡᠷᠡᠴᠢᠯᠡᠯᠲᠡ ᠶᠢᠨ ᠠᠵᠢᠯ ᠢ ᠬᠠᠮᠢᠶᠠᠷᠴᠤ᠂ ᠳᠣᠲᠣᠭᠠᠳᠤ ᠭᠠᠳᠠᠭᠠᠳᠤ ᠶᠢᠨ ᠬᠢᠨᠠᠨ ᠪᠤᠳᠤᠬᠤ ᠠᠵᠢᠯ ᠢ ᠬᠠᠮᠵᠢᠨ᠎ᠠ᠃     ︵ᠲᠦᠷᠪᠡ︶ ᠠᠵᠢᠯᠲᠠᠨ ᠤ ᠰᠠᠯᠠᠭ᠎ᠠ     ᠪᠠᠶᠢᠭᠤᠯᠭ᠎ᠠ ᠪᠣᠯᠤᠨ ᠰᠢᠭᠤᠳ ᠬᠠᠷᠢᠶ᠎ᠠ ᠨᠢᠭᠡᠴᠢ ᠵᠢᠴᠢ ᠰᠢᠶᠠᠨ ᠬᠤᠰᠢᠭᠤ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠤᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠡᠩᠨᠡᠭᠡᠨ ᠤ ᠪᠠᠶᠢᠭᠤᠯᠤᠯᠲᠠ ᠪᠣᠯᠤᠨ ᠪᠣᠯᠪᠠᠰᠤᠷᠠᠯ ᠵᠡᠷᠭᠡ ᠠᠵᠢᠯ ᠢ ᠬᠠᠷᠢᠭᠤᠴᠠᠵᠤ᠂ ᠰᠢᠶᠠᠨ ᠬᠤᠰᠢᠭᠤ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠤᠨ ᠵᠣᠬᠢᠴᠠᠩᠭᠤᠶ ᠠᠵᠢᠯ ᠢ ᠵᠢᠯᠣᠭᠤᠳᠤᠨ᠎ᠠ︔ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠤᠲᠠ ᠶᠢᠨ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠤᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃      ᠪᠠᠶᠢᠭᠤᠯᠭ᠎ᠠ ᠶᠢᠨ ᠬᠠᠷᠢᠯᠴᠠᠬᠤ ᠤᠲᠠᠰᠤ᠄ 0474 - 8386946      ᠬᠢᠨᠠᠯᠲᠠ ᠲᠠᠯᠪᠢᠬᠤ ᠤᠲᠠᠰᠤ᠄ 0474 - 8382234      ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠰᠢᠨ᠎ᠡ ᠲᠣᠭᠤᠷᠢᠭ ᠤᠨ ᠴᠢᠤᠸᠠᠨ ᠱᠠᠨ ᠵᠡᠭᠡᠯᠢ ᠭᠤᠳᠤᠮᠵᠢ ᠶᠢᠨ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠣᠮᠣ ᠠᠰᠠᠷ 14 - 17 ᠳᠠᠪᠬᠤᠷ      ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00  14᠄ 30- 18᠄ 00      ᠢᠮᠧᠯ᠄ wlcbsqxjbgs@163.com      ᠬᠠᠷᠢᠭᠤᠴᠠᠯᠭᠠᠲᠠᠨ᠄ ᠷᠧᠨ ᠹᠦ᠋ ᠵᠢᠶᠠᠩ                                                    ᠣᠷᠴᠢᠭᠤᠯᠤᠭᠴᠢ᠄ ᠭᠤᠸ᠎ᠠ                                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2