ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/25
   12 ᠰᠠᠷ᠎ᠠ ᠶᠢᠨ 20 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠵᠧᠦ ᠺᠠᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ 12 ᠰᠠᠷ᠎ᠠ ᠶᠢᠨ 9 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠠᠵᠤ ᠠᠬᠤᠢ ᠶᠢᠨ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠲᠣᠭᠲᠠᠭᠠᠭᠰᠠᠨ ᠶᠢᠰᠦᠨ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠲᠠᠢ ᠬᠠᠷᠢᠴᠠᠭᠤᠯᠤᠨ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠪᠣᠳᠠᠲᠠᠢ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠳᠥᠷᠪᠡᠳᠦᠭᠡᠷ ᠤᠳᠠᠭᠠᠨ ᠤ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠳᠤ ᠢᠳᠡᠪᠬᠢᠲᠡᠶ ᠠᠭᠤᠰᠤᠯᠴᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠂ ᠭᠠᠳᠠᠭᠠᠳᠤ ᠨᠡᠭᠡᠭᠡᠯᠲᠡ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠲᠤᠷ ᠦᠢᠯᠡᠴᠢᠯᠡᠬᠦ ᠪᠠ ᠠᠭᠤᠰᠤᠯᠴᠠᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠪᠠᠨ ᠨᠠᠢᠮᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠤ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠠᠮ ᠢ ᠴᠢᠩᠭ᠎ᠠ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠬᠥᠮᠦᠨ ᠰᠣᠩᠭᠤᠵᠤ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ ᠪᠤᠢ ᠪᠣᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠵᠠᠯᠠᠭᠤ ᠺᠠᠳ᠋ᠷ ᠢ ᠢᠯᠡᠷᠡᠭᠦᠯᠵᠦ᠂ ᠬᠥᠮᠦᠵᠢᠭᠦᠯᠵᠦ ᠰᠢᠯᠢᠨ ᠳᠡᠪᠰᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠥᠮᠦᠵᠢᠭᠦᠯᠵᠦ ᠬᠠᠮᠢᠶᠠᠷᠴᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠵᠠᠯᠠᠭᠤ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ ᠶᠢ ᠳᠡᠮᠵᠢᠬᠦ ᠬᠡᠷᠡᠭᠲᠡᠢ᠃ ᠠᠭᠤᠷ ᠠᠮᠢᠰᠬᠤᠯ ᠢ ᠪᠤᠢ ᠪᠣᠯᠭᠠᠵᠤ᠂ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                              ᠣᠷᠴᠢᠭᠤᠯᠤᠭᠴᠢ᠄ ᠭᠤᠸ᠎ᠠ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2