ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/25
         12 ᠰᠠᠷ᠎ᠠ ᠶᠢᠨ 24 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠭᠤᠷᠢᠭ ᠤᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠬᠤᠷᠢᠭ᠎ᠠ ᠱᠤᠭᠤᠮ ᠢ ᠰᠠᠬᠢᠬᠤ᠂ ᠬᠥᠭᠵᠢᠯᠲᠡ ᠶᠢ ᠠᠳᠬᠤᠬᠤ᠂ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠪᠠᠷᠢᠮᠲᠠᠯᠠᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠪᠠᠶᠢᠳᠠᠯ ᠦᠯᠦ ᠡᠭᠦᠰᠬᠦ ᠬᠤᠶᠠᠷ ᠬᠤᠷᠢᠭ᠎ᠠ ᠱᠤᠭᠤᠮ ᠢ ᠪᠠᠲᠤ ᠰᠠᠬᠢᠵᠤ᠂ ᠬᠥᠳᠡᠭᠡ ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠶᠢᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠥᠳᠡᠭᠡ ᠠᠵᠤ ᠠᠬᠤᠢ ᠶᠢᠨ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ᠂ ᠬᠥᠳᠡᠭᠡ ᠲᠣᠰᠬᠤᠨ ᠤ ᠲᠣᠭᠲᠠᠭᠤᠨ ᠠᠮᠤᠷ ᠲᠣᠭᠲᠠᠭᠤᠨ ᠢ ᠪᠠᠲᠤᠯᠠᠬᠤ ᠬᠡᠷᠡᠭᠲᠡᠢ᠃ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢᠨ ᠬᠠᠮᠢᠶᠠᠷᠤᠯᠲᠠ ᠪᠣᠯᠤᠨ ᠬᠡᠷᠡᠭᠯᠡᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠲᠠᠷᠢᠶᠠᠯᠠᠩ ᠳᠤ ᠬᠤᠯᠪᠣᠭᠳᠠᠬᠤ ᠲᠤᠰᠬᠠᠶ ᠵᠦᠢᠯ ᠤᠨ ᠪᠡᠯᠡ ᠮᠥᠩᠭᠦ ᠶᠢᠨ ᠠᠶᠤᠯ ᠦᠭᠡᠶ ᠠᠵᠢᠯᠯᠠᠭᠠᠨ ᠪᠣᠯᠤᠨ ᠪᠦᠲᠦᠮᠵᠢᠲᠡᠶ ᠬᠡᠷᠡᠭᠯᠡᠯᠲᠡ ᠶᠢ ᠦᠨᠡᠨᠬᠦ ᠪᠠᠲᠤᠯᠠᠬᠤ ᠬᠡᠷᠡᠭᠲᠡᠶ᠃ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠠᠵᠢᠯ ᠤᠨ ᠠᠷᠭ᠎ᠠ ᠬᠡᠯᠪᠡᠷᠢ ᠶᠢ ᠰᠢᠯᠢᠳᠡᠭᠵᠢᠭᠦᠯᠵᠦ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠢ ᠳᠠᠭᠠᠬᠤ ᠬᠥᠮᠦᠨ ᠲᠠᠢ᠂ ᠠᠵᠤ ᠠᠬᠤᠶᠢᠯᠠᠯ ᠳᠤ ᠦᠢᠯᠡᠴᠢᠯᠡᠬᠦ ᠬᠥᠮᠦᠨ ᠲᠠᠢ᠂ ᠠᠰᠠᠭᠤᠳᠠᠯ ᠢ ᠵᠣᠬᠢᠴᠠᠭᠤᠯᠬᠤ ᠬᠥᠮᠦᠨ ᠲᠠᠢ ᠪᠠᠶᠢᠬᠤ ᠶᠢ ᠪᠠᠲᠤᠯᠠᠵᠤ᠂ ᠲᠦᠷᠦᠯ ᠵᠦᠢᠯ ᠢ ᠡᠷᠲᠡ ᠠᠵᠢᠯ ᠡᠬᠢᠯᠡᠭᠦᠯᠵᠦ᠂ ᠡᠷᠲᠡ ᠦᠢᠯᠡᠳᠪᠦᠷᠢᠯᠡᠯ ᠳᠤ ᠣᠷᠣᠭᠤᠯᠵᠤ᠂ ᠡᠷᠲᠡ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃                      ᠤᠷᠴᠢᠭᠤᠯᠤᠭᠴᠢ᠄ ᠬᠦᠰᠡᠯ                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2