ᠤᠯᠠᠭᠠᠨᠴᠠᠪ ᠬᠤᠲᠠ ᠶᠢᠨ ᠠᠷᠠᠳ ︽ᠮᠥᠰᠥ ᠴᠠᠰᠤᠨ︾ ᠤ ᠪᠠᠶᠠᠷ ᠪᠠᠶᠠᠰᠤᠯ ᠤᠨ ᠴᠠᠭ ᠢ ᠡᠳ᠋ᠯᠡᠵᠤ ᠪᠠᠶᠢᠨ᠎ᠠ
ᠨᠡᠶᠢᠲᠡᠯᠡᠭᠰᠡᠨ ᠴᠠᠭ᠄
2024/12/26
       ᠬᠥᠮᠦᠰ ᠤᠨ ᠡᠷᠡᠭᠦᠯ ᠮᠡᠨᠳᠦ ᠶᠢ ᠴᠢᠬᠤᠯᠠᠴᠢᠯᠠᠬᠤ ᠪᠠ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤᠯᠠᠮ ᠢᠶᠠᠷ ᠳᠡᠯᠭᠡᠷᠡᠬᠦ ᠶᠢ ᠳᠠᠭᠠᠯᠳᠤᠨ᠂ ᠤᠯᠠᠮ ᠠᠴᠠ ᠤᠯᠠᠮ ᠣᠯᠠᠨ ᠬᠤᠲᠠ ᠶᠢᠨ ᠠᠷᠠᠳ ᠭᠠᠷᠠᠭ ᠤᠨ ᠰᠡᠭᠦᠯᠴᠢ ᠳᠤ ᠮᠥᠰᠥᠨ ᠳᠤ ᠳᠡᠰᠢᠬᠦ ᠣᠷᠳᠣᠨ ᠳᠤ ᠬᠦᠷᠴᠦ ᠮᠥᠰᠥ ᠳᠡᠰᠢᠬᠦ ᠶᠢ ᠨᠠᠭᠠᠳᠴᠦ ᠪᠠᠶᠢᠨ᠎ᠠ᠃ ᠡᠨᠡ ᠨᠢ ᠬᠤᠲᠠ ᠶᠢᠨ ᠠᠷᠠᠳ ᠤᠨ ᠰᠡᠯᠡᠭᠦᠴᠡᠯ ᠤᠨ ᠠᠮᠢᠳᠤᠷᠠᠯ ᠳᠤ ᠰᠢᠨ᠎ᠡ ᠰᠣᠩᠭᠤᠯᠲᠠ ᠬᠠᠩᠭᠠᠭᠰᠠᠨ ᠢᠶᠠᠷ ᠪᠠᠷᠠᠬᠤ ᠦᠭᠡᠢ ᠪᠠᠰᠠ ᠲᠤᠬᠠᠶ ᠶᠢᠨ ᠭᠠᠵᠠᠷ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃ 12 ᠰᠠᠷ᠎ᠠ ᠶᠢᠨ 22 ᠤᠨ ᠡᠳᠦᠷ ᠤᠨ ᠭᠠᠷᠠᠭ ᠤᠨ ᠰᠡᠭᠦᠯᠴᠢ ᠪᠠᠷ᠂ ᠤᠯᠠᠭᠠᠨᠴᠠᠪ ᠤᠨ ᠮᠥᠰᠥ ᠲᠡᠰᠢᠬᠦ ᠣᠷᠳᠣᠨ ᠮᠠᠰᠢ ᠣᠯᠠᠨ ᠬᠤᠲᠠ ᠶᠢᠨ ᠠᠷᠠᠳ ᠢ ᠤᠭᠲᠤᠨ ᠠᠪᠴᠢᠷᠠᠵᠤ᠂ ᠣᠯᠠᠨ ᠢᠶᠠᠷ ᠢᠶᠠᠨ ᠬᠤᠶᠢᠨ᠎ᠠ ᠬᠤᠶᠢᠨ᠎ᠠ ᠠᠴᠠ ᠪᠠᠨ ᠮᠥᠰᠥ ᠲᠡᠰᠢᠬᠦ ᠪᠠᠶᠠᠷ ᠪᠠᠶᠠᠰᠤᠯ ᠢ ᠡᠳ᠋ᠯᠡᠪᠡ᠃                 ᠵᠣᠬᠢᠶᠠᠭᠴᠢ᠄ ᠯᠢ ᠮᠧᠩ ᠨᠠ                 ᠤᠷᠴᠢᠭᠤᠯᠤᠭᠴᠢ᠄ ᠬᠦᠰᠡᠯ                 ᠬᠢᠨᠠᠭᠴᠢ᠄ ᠠᠷᠢᠭᠤᠨ    
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2