ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠥᠬᠦᠳᠡ ᠬᠤᠷᠠᠯ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠧᠯᠸᠢᠰ ᠤᠲᠠᠰᠤᠲᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/26
    12 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠥᠬᠦᠳᠡ ᠬᠤᠷᠠᠯ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠲᠧᠯᠸᠢᠰ ᠤᠲᠠᠰᠤᠲᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠪᠥᠬᠦ ᠤᠯᠤᠰ᠂ ᠪᠥᠬᠦ ᠣᠷᠣᠨ ᠤ ᠠᠶᠤᠯᠭᠦᠶ ᠦᠢᠯᠡᠳᠪᠦᠷᠢᠯᠡᠯ ᠪᠠ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠸᠢᠳᠢᠣ᠋ ᠬᠤᠷᠠᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠵᠤ᠂ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠠᠮᠵᠢᠯᠴᠠᠨ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠮᠥᠨ ᠴᠢᠨᠠᠷ ᠤᠨ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠵᠦ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠲᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ ᠠᠷᠠᠯᠵᠢᠶ᠎ᠠ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠬᠡᠰᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠦᠬᠦ ᠬᠡᠯᠬᠢᠶ᠎ᠡ ᠪᠠᠷ ᠰᠠᠶᠢᠲᠤᠷ ᠠᠳᠬᠤᠬᠤ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠦᠷᠢᠨᠰᠢᠬᠦᠯᠵᠤ᠂ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠡᠲᠦᠷᠡᠮᠡᠬᠡᠢ ᠬᠡᠷᠡᠭ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠰᠤᠳᠤᠯᠤᠨ ᠮᠠᠭᠠᠳᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠤᠨ ᠬᠥᠭᠵᠢᠯᠲᠡ ᠶᠢᠨ ᠬᠠᠨᠳᠤᠰᠢ ᠪᠠ ᠲᠦᠭᠰᠢᠭᠦᠷᠢ ᠶᠢᠨ ᠳᠠᠯᠳᠠ ᠬᠡᠮ ᠢ ᠣᠨᠣᠪᠴᠢᠲᠠᠶ ᠢᠯᠭᠠᠨ ᠲᠠᠨᠢᠵᠤ᠂ ᠪᠡᠯᠡᠳᠬᠡᠯ ᠲᠥᠰᠦᠯ ᠢ ᠡᠷᠲᠡ ᠲᠣᠭᠲᠠᠭᠠᠵᠤ᠂ ᠡᠳ᠋ ᠪᠣᠳᠠᠰ ᠢ ᠡᠷᠲᠡ ᠪᠡᠯᠡᠳᠬᠡᠵᠦ᠂ ᠬᠥᠮᠦᠨ ᠢ ᠡᠷᠲᠡ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠡᠷᠲᠡ ᠨᠠᠶᠢᠳᠠᠪᠤᠷᠢᠵᠢᠭᠤᠯᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠪᠠ ᠰᠢᠢᠳᠪᠦᠷᠢᠯᠡᠬᠦ ᠠᠵᠢᠯ ᠢ ᠴᠢᠩᠭ᠎ᠠ ᠪᠣᠳᠠᠲᠠᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ᠂ ᠣᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠡᠭᠦᠷᠭᠡ ᠶᠢᠨ ᠲᠡᠭᠦᠰᠬᠡᠯ ᠤᠨ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠡᠩ ᠰᠠᠶᠢᠨ ᠠᠮᠵᠢᠯᠲᠠ ᠣᠯᠬᠤ ᠪᠠᠷ ᠴᠢᠷᠮᠠᠶᠢᠬᠤ ᠶᠢᠨ ᠬᠠᠮᠲᠤ 2025 ᠣᠨ ᠤ ᠠᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠲᠥᠯᠥᠪᠵᠢᠭᠦᠯᠵᠦ᠂ ᠢᠷᠡᠬᠦ ᠵᠢᠯ ᠤᠨ ᠠᠵᠤ ᠠᠬᠤᠢ ᠶᠢᠨ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃                                              ᠣᠷᠴᠢᠭᠤᠯᠤᠭᠴᠢ᠄ ᠭᠤᠸ᠎ᠠ                                            ᠬᠢᠨᠠᠭᠴᠢ᠄ ᠠᠷᠢᠭᠤᠨ  
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2