| | ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠤᠯᠤᠰ ᠤᠨ ᠡᠯ᠎ᠡ ᠵᠦᠢᠯ ᠤᠨ ᠬᠠᠷᠠᠭᠠᠯᠵᠠᠯ ᠤᠨ ᠲᠦᠷᠦ ᠶᠢᠨ | ᠪᠤᠳᠤᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠲᠠᠬᠢᠨ ᠠᠵᠢᠯ | ᠣᠯᠭᠤᠯᠲᠠ᠂ ᠠᠵᠢᠯ ᠠᠯᠳᠠᠯᠲᠠ ᠶᠢᠨ ᠳᠠᠭᠠᠳᠬᠠᠯ ᠵᠡᠷᠭᠡ ᠠᠵᠢᠯ ᠠᠷᠠᠳ ᠤᠨ ᠠᠮᠢᠳᠤᠷᠠᠯ ᠳᠤ ᠨᠡᠶᠢᠳᠡᠮ ᠠᠰᠢᠭ | ᠬᠦᠷᠲᠡᠭᠡᠵᠦ᠂ ᠠᠷᠠᠳ ᠤᠯᠠᠨ ᠤ ᠠᠮᠢᠳᠤᠷᠠᠯ ᠤᠨ ᠶᠠᠰᠤ ᠴᠢᠨᠠᠷ ᠪᠣᠯᠤᠨ ᠵᠣᠯ ᠵᠢᠷᠭᠠᠯ ᠤᠨ ᠵᠢᠭᠠᠯᠲᠠ ᠲᠤᠭ᠎ᠠ | ᠲᠠᠰᠤᠷᠠᠯᠲᠠ ᠦᠭᠡᠢ ᠳᠡᠭᠡᠭᠰᠢᠯᠡᠪᠡ᠃ ᠢᠯᠠᠩᠭᠤᠶ᠎ᠠ ᠠᠵᠢᠯ ᠠᠯᠳᠠᠭᠰᠠᠨ ᠤ ᠮᠥᠩᠭᠦ ᠶᠢ ᠲᠤᠭ᠎ᠠ ᠶᠣᠰᠣᠭᠠᠷ᠂ ᠴᠠᠭ | ᠲᠤᠬᠠᠶ ᠳᠤᠨᠢ ᠲᠠᠷᠬᠠᠭᠠᠭᠰᠠᠨ ᠨᠢ ᠨᠠᠩ ᠴᠤ ᠠᠵᠢᠯ ᠠᠯᠳᠠᠭᠰᠠᠳ ᠤᠨ ᠴᠢᠷᠠᠶ ᠳᠤ ᠬᠠᠨᠤᠮᠵᠢᠲᠠᠶ ᠢᠨᠢᠶᠡᠮᠰᠦᠭᠯᠡᠯ | ᠲᠣᠳᠣᠷᠠᠪᠠ᠃ | 12 ᠰᠠᠷ᠎ᠠ ᠶᠢᠨ ᠰᠡᠭᠦᠯᠴᠢ ᠪᠣᠯᠲᠠᠯ᠎ᠠ᠂ ᠲᠤᠬᠠᠶ ᠶᠢᠨ ᠵᠢᠯ ᠳᠤ ᠨᠡᠶᠢᠲᠡ 169 ᠠᠵᠢᠯ ᠠᠯᠳᠠᠭᠰᠠᠳ ᠲᠤ 133. | 7 ᠲᠦᠮᠡᠨ ᠲᠥᠭᠦᠷᠢᠭ ᠤᠨ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠲᠠᠷᠬᠠᠭᠠᠪᠠ᠃ ᠡᠭᠦᠨ ᠳᠤ᠂ 12 | ᠰᠠᠷ᠎ᠠ ᠳᠤ 44 ᠬᠥᠮᠦᠨ ᠳᠤ 9.3 ᠲᠦᠮᠡᠨ ᠲᠥᠭᠦᠷᠢᠭ ᠤᠨ ᠠᠵᠢᠯ ᠠᠯᠳᠠᠭᠰᠠᠳ ᠤᠨ ᠮᠥᠩᠭᠦ ᠣᠯᠭᠤᠵᠤ᠂ 12 | ᠰᠠᠷ᠎ᠠ ᠳᠤ 21 ᠨᠡᠷᠡᠰ ᠮᠦᠩᠬᠦ ᠠᠪᠤᠭᠰᠠᠨ ᠬᠥᠮᠦᠰ ᠲᠤ 1.44 ᠲᠦᠮᠡᠨ ᠲᠥᠭᠦᠷᠢᠭ ᠤᠨ ᠡᠮ ᠡᠮᠨᠡᠯᠭᠡ ᠶᠢᠨ | ᠳᠠᠭᠠᠳᠬᠠᠯ ᠢ ᠣᠷᠣᠯᠠᠨ ᠲᠤᠰᠢᠶᠠᠪᠠ︔ 12 ᠰᠠᠷ᠎ᠠ ᠳᠤ 3 ᠠᠵᠤ ᠠᠬᠤᠶᠢᠯᠠᠯ ︵14 ᠬᠥᠮᠦᠨ︶ ᠲᠤ ᠠᠵᠢᠯ ᠤᠨ | ᠪᠠᠶᠢᠷᠢ ᠶᠢ ᠥᠷᠭᠡᠳᠬᠡᠬᠦ ᠨᠥᠬᠦᠪᠥᠷᠢ 2.1 ᠲᠦᠮᠡᠨ ᠲᠥᠭᠦᠷᠢᠭ ᠣᠯᠭᠤᠪᠠ᠃ | ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢ ᠭᠦᠢᠴᠡᠳ ᠲᠤᠭ᠎ᠠ ᠪᠠᠷ ᠴᠠᠭ ᠲᠤᠬᠠᠶ ᠳᠤᠨᠢ ᠣᠯᠭᠤᠭᠰᠠᠨ | ᠨᠢ ᠬᠥᠳᠡᠯᠮᠦᠷᠢᠯᠡᠭᠴᠢ ᠶᠢᠨ ᠠᠵᠢᠯ ᠠᠯᠳᠠᠭᠰᠠᠨ ᠬᠤᠭᠤᠴᠠᠭᠠᠨ ᠳᠠᠬᠢ ᠦᠨᠳᠦᠰᠦᠨ ᠠᠮᠢᠳᠤᠷᠠᠯ ᠤᠨ ᠬᠡᠷᠡᠭᠴᠡᠭᠡ ᠶᠢ | ᠪᠠᠳᠤᠯᠠᠵᠤ᠂ ᠲᠡᠳᠡᠨ ᠤ ᠠᠮᠢᠳᠤᠷᠠᠯ ᠤᠨ ᠳᠤᠮᠳᠠᠬᠢ ᠵᠣᠪᠠᠨᠢᠯ ᠢ ᠨᠢ ᠰᠢᠢᠳᠪᠦᠷᠢᠯᠡᠵᠤ ᠥᠭᠪᠡ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |