11 ᠰᠠᠷ᠎ᠠ ᠶᠢᠨ 29 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ | ᠳᠤᠭᠤᠶᠢᠯᠠᠩ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠪᠣᠯᠤᠨ ᠶᠡᠷᠦᠩᠬᠡᠢ ᠱᠦᠵᠢ | ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠲᠣᠭᠤᠷᠢᠨ ᠳᠤ | ᠬᠠᠮᠲᠤ ᠪᠠᠷ ᠰᠤᠷᠤᠯᠴᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠺᠠᠶ ᠬᠤᠷᠠᠯ ᠡᠷᠭᠢᠯᠡᠭᠰᠡᠨ ᠪᠥᠭᠡᠳ | ᠶᠠᠷᠢᠶ᠎ᠠ ᠲᠠᠯᠪᠢᠵᠠᠶ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ᠂ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠡᠷᠢᠭᠦᠯᠡᠭᠴᠢ ᠶᠤᠸᠠᠢ ᠶᠠᠨ ᠮᠧᠶ ᠨᠠᠷ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠸᠠᠩ ᠬᠤ᠋ ᠲᠣᠭᠤᠷᠢᠨ ᠦᠵᠡᠵᠦ ᠬᠠᠮᠲᠤ ᠶᠢᠨ ᠰᠤᠷᠤᠯᠴᠠᠯᠭ᠎ᠠ ᠶᠢ ᠰᠤᠯᠠ | ᠰᠣᠨᠣᠰᠪᠠ᠃ | ᠬᠤᠷᠠᠯ ᠳᠡᠭᠡᠷ᠎ᠡ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠽᠢᠶ᠎ᠠ | ᠲᠢᠪ ᠨᠣᠮᠣᠬᠠᠨ ᠳᠠᠯᠠᠢ ᠶᠢᠨ ᠣᠷᠣᠨ ᠪᠣᠯᠤᠨ ᠪᠦᠬᠦ ᠪᠥᠮᠪᠥᠷᠴᠡᠭ ᠤᠨ ᠪᠠᠶᠢᠯᠳᠤᠬᠤ ᠪᠤᠳᠤᠯᠭ᠎ᠠ ᠶᠢᠨ ᠰᠤᠳᠤᠯᠭᠠᠨ ᠤ | ᠬᠦᠷᠢᠶᠡᠯᠡᠩ ᠤᠨ ᠰᠤᠳᠤᠯᠤᠭᠴᠢ᠂ ᠲᠤᠮᠤ ᠤᠯᠤᠰ ᠤᠨ ᠬᠠᠷᠢᠯᠴᠠᠭᠠᠨ ᠤ ᠰᠤᠳᠤᠯᠭᠠᠨ ᠤ ᠲᠠᠰᠤᠭ ᠤᠨ ᠡᠷᠬᠢᠯᠡᠭᠴᠢ᠂ | ᠭᠠᠵᠠᠷ ᠣᠷᠣᠨ ᠤ ᠠᠮᠤᠷ ᠲᠦᠪᠰᠢᠨ ᠤ ᠰᠤᠳᠤᠯᠭᠠᠨ ᠤ ᠲᠥᠪ ᠤᠨ ᠡᠷᠬᠢᠯᠡᠭᠴᠢ ᠵᠦᠩ ᠹᠸᠢ ᠲᠧᠩ ︽ᠶᠡᠷᠦᠩᠬᠡᠢ | ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠪᠣᠯᠤᠨ ᠳᠤᠮᠳᠠᠳᠤ ᠤᠯᠤᠰ ᠤᠨ ᠡᠷᠬᠢᠨ ᠲᠣᠭᠤᠷᠢᠨ ᠤ | ᠠᠮᠤᠷ ᠲᠦᠪᠰᠢᠨ ᠤ ᠪᠠᠶᠢᠳᠠᠯ︾ ᠭᠡᠬᠦ ᠰᠡᠳᠦᠪ ᠢᠶᠠᠷ ᠲᠤᠰᠬᠠᠢ ᠰᠡᠳᠦᠪᠲᠦ ᠵᠢᠯᠤᠭᠤᠳᠤᠯᠭ᠎ᠠ ᠬᠢᠵᠡᠢ᠃ ᠤᠨᠤᠯ | ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠵᠧᠦ ᠺᠠᠢ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠭᠦᠨᠵᠡᠭᠡᠢ | ᠲᠤᠭᠤᠰᠢᠯᠠᠭᠤᠯᠵᠤ᠂ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠤᠬᠠᠮᠰᠠᠷ ᠠᠴᠠ ᠪᠠᠨ ᠤᠯᠤᠰ ᠤᠨ ᠠᠮᠤᠷ | ᠲᠦᠪᠰᠢᠨ ᠤ ᠬᠠᠷᠢᠭᠤᠴᠠᠯᠭ᠎ᠠ ᠶᠢ ᠮᠥᠷᠥᠨ ᠳᠡᠭᠡᠷ᠎ᠡ ᠪᠠᠨ ᠡᠭᠦᠷᠭᠡᠯᠡᠵᠦ᠂ ᠠᠵᠢᠯ ᠢ ᠭᠠᠷ ᠲᠠᠭᠠᠨ ᠠᠳᠬᠤᠵᠤ᠂ ᠡᠬᠡ | ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠵᠦ᠂ ᠨᠢᠭᠡ | ᠭᠠᠵᠠᠷ ᠣᠷᠣᠨ ᠤ ᠲᠣᠭᠲᠠᠭᠤᠨ ᠢᠶᠠᠷ ᠪᠦᠬᠦ ᠲᠠᠯ᠎ᠠ ᠶᠢᠨ ᠠᠮᠤᠷ ᠲᠦᠪᠰᠢᠨ ᠳᠤ ᠬᠤᠪᠢ ᠨᠡᠮᠡᠷᠢ ᠦᠵᠡᠭᠦᠯᠬᠦ ᠪᠠᠷ | ᠴᠢᠷᠮᠠᠶᠢᠬᠤ ᠬᠡᠷᠡᠭᠲᠡᠢ ᠭᠡᠵᠦ ᠬᠡᠯᠡᠪᠡ᠃ | ᠵᠧᠦ ᠺᠠᠢ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ | ᠮᠢᠨᠴᠦᠭᠦᠷᠡᠬᠦ ᠦᠵᠡᠯ ᠰᠠᠨᠠᠭ᠎ᠠ᠂ ᠰᠤᠯᠠᠷᠠᠬᠤ ᠰᠡᠳᠬᠢᠯᠭᠡ᠂ ᠵᠠᠪᠰᠢᠬᠤ ᠪᠤᠳᠤᠯ ᠢ ᠡᠷᠡᠰ ᠲᠡᠪᠴᠢᠵᠦ᠂ ᠠᠶᠤᠯᠭᠦᠢ | ᠦᠢᠯᠡᠳᠪᠦᠷᠢᠯᠡᠯ ᠤᠨ ᠠᠵᠢᠯ ᠢ ᠴᠥᠬᠦᠷᠡᠰᠢ ᠦᠭᠡᠢ ᠠᠳᠬᠤᠵᠤ᠂ ᠥᠨᠳᠥᠷ ᠲᠦᠪᠰᠢᠨ ᠪᠦᠬᠦᠢ ᠠᠮᠤᠷ | ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠪᠠᠷ ᠴᠢᠷᠮᠠᠶᠢᠬᠤ ᠬᠡᠷᠡᠭᠲᠡᠢ᠃ ᠡᠬᠢ | ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠢ ᠠᠬᠢᠭᠤᠯᠵᠤ᠂ ᠨᠡᠶᠢᠭᠡᠮ ᠤᠨ ᠠᠮᠤᠷ ᠲᠦᠪᠰᠢᠨ | ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠠᠶᠤᠯᠭᠦᠢ ᠦᠢᠯᠡᠳᠪᠦᠷᠢᠯᠡᠯ ᠤᠨ ᠰᠠᠨᠠᠭᠠᠴᠢᠯᠠᠭᠠᠲᠤ | ᠡᠷᠬᠡ ᠶᠢ ᠪᠠᠲᠤ ᠡᠵᠡᠮᠳᠡᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠪᠣᠯᠤᠨ ︽ | ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠭᠤᠣᠯᠳᠠᠯᠭ᠎ᠠ ᠶᠢ ᠠᠳᠬᠤᠵᠤ᠂ ᠳᠤᠲᠠᠭᠤᠳᠠᠯ ᠢ ᠨᠥᠬᠦᠪᠥᠷᠢᠯᠡᠵᠦ᠂ ᠭᠡᠮ ᠰᠣᠭᠤᠭ ᠢ ᠠᠷᠢᠯᠭᠠᠵᠤ᠂ ᠬᠦᠨᠳᠦ ᠶᠡᠭᠡ | ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠬᠡᠯᠡᠪᠡ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |