12 ᠰᠠᠷ᠎ᠠ ᠶᠢᠨ 3 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠤᠸᠠᠢ ᠶᠠᠨ ᠮᠧᠶ ᠪᠥᠬᠦ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠰᠢᠰᠲ᠋ᠧᠮ ᠤᠨ ᠤᠬᠠᠭᠤᠯᠭ᠎ᠠ ᠮᠡᠳᠡᠭᠡ ᠵᠠᠩᠭᠢ ᠶᠢᠨ ᠠᠵᠢᠯ ᠤᠨ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ ᠤᠨ ᠨᠡᠶᠢᠭᠡᠮ ᠤᠨ | ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠠᠵᠢᠯ ᠤᠨ ᠶᠠᠷᠢᠯᠴᠠᠬᠤ ᠬᠤᠷᠠᠯ ᠤᠨ ᠵᠣᠷᠢᠭ | ᠰᠠᠨᠠᠭ᠎ᠠ ᠪᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ | ᠣᠷᠣᠨ ᠤ ᠤᠯᠤᠰ ᠲᠥᠷᠥ ᠶᠢᠨ ᠵᠥᠪᠯᠡᠯᠭᠡᠨ ᠤ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠤᠨ ᠶᠠᠷᠢᠯᠴᠠᠬᠤ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 1 - 11 ᠰᠠᠷ᠎ᠠ ᠶᠢᠨ ᠪᠥᠬᠦ ᠬᠤᠲᠠ ᠶᠢᠨ | ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠠᠵᠢᠯ ᠤᠨ ᠪᠠᠶᠢᠳᠠᠯ ᠢ | ᠮᠡᠳᠡᠭᠳᠡᠪᠡ︔ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ | ᠬᠤᠷᠠᠯ ᠠᠴᠠ᠂ ᠪᠦᠬᠦ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠰᠢᠰᠲ᠋ᠧᠮ ᠤᠨ ᠬᠢᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠬᠤ ᠬᠡᠷᠡᠭᠲᠡᠢ︔ ᠤᠯᠤᠰ | ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠣᠨᠴᠠᠯᠢᠭ ᠲᠠᠢ ᠤᠶᠠᠯᠳᠤᠭᠤᠯᠵᠤ᠂ ︽ | ᠭᠤᠷᠪᠠᠨ ᠠᠩᠬᠠᠷᠤᠯ︾ ᠤᠨ ᠲᠣᠭᠤᠷᠢᠨ ᠳᠤ ᠤᠬᠠᠭᠤᠯᠭ᠎ᠠ ᠶᠢᠨ ︽ᠭᠤᠣᠯ ᠵᠢᠭᠰᠠᠭᠠᠯ ᠤᠨ ᠭᠠᠵᠠᠷ︾ ᠢ ᠰᠠᠶᠢᠲᠤᠷ | ᠬᠡᠷᠡᠭᠯᠡᠵᠦ᠂ ᠤᠯᠤᠰ ᠲᠦᠷᠦ ᠶᠢᠨ ᠵᠥᠪᠯᠡᠯᠭᠡᠨ ᠤ ᠤᠬᠠᠭᠤᠯᠭ᠎ᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ | ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ | ᠲᠤᠰᠬᠠᠬᠤ ᠮᠡᠳᠡᠭᠡ ᠵᠠᠩᠭᠢ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠨ᠂ ᠶᠡᠭᠡ ᠲᠠᠯ᠎ᠠ ᠳᠤ ᠦᠢᠯᠡᠴᠢᠯᠡᠵᠦ᠂ ᠲᠣᠭᠲᠠᠴᠠ ᠶᠢᠨ ᠪᠠᠲᠤᠯᠠᠭ᠎ᠠ ᠶᠢ | ᠪᠦᠷᠢᠨᠰᠢᠬᠦᠯᠤᠨ᠂ ᠮᠡᠳᠡᠭᠡ ᠵᠠᠩᠭᠢ ᠶᠢᠨ ᠠᠵᠢᠯ ᠤᠨ ᠴᠢᠨᠠᠷ ᠰᠠᠶᠢᠲᠠᠢ ᠥᠷᠨᠢᠬᠦ ᠶᠢ ᠲᠠᠰᠤᠷᠠᠯᠲᠠ ᠦᠭᠡᠢ ᠠᠬᠢᠭᠤᠯᠵᠤ᠂ | ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |