ᠵᠢᠨᠢᠩ ᠲᠣᠭᠤᠷᠢᠭ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/12/4
         ᠡᠨᠡ ᠵᠢᠯ ᠠᠴᠠ ᠨᠠᠰᠢ᠂ ᠵᠢᠨᠢᠩ ᠲᠣᠭᠤᠷᠢᠭ ᠦᠨᠳᠦᠰᠦᠨ ᠱᠠᠲᠤᠨ ᠤ ᠵᠠᠰᠠᠯᠲᠠ ᠶᠢᠨ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠷᠤᠭᠠᠰᠤ ᠶᠢ ᠬᠥᠩᠭᠡᠷᠡᠭᠦᠯᠬᠦ᠂ ᠡᠨᠧᠷᠭᠢ ᠣᠯᠭᠤᠬᠤ᠂ ᠦᠷ᠎ᠡ ᠠᠰᠢᠭ ᠢ ᠨᠡᠮᠡᠭᠳᠡᠭᠦᠯᠬᠦ ᠭᠤᠷᠪᠠᠨ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠨ ᠡᠷᠬᠡ ᠶᠢ ᠲᠣᠭᠲᠠᠭᠠᠬᠤ᠂ ᠡᠩᠨᠡᠭᠡ ᠶᠢ ᠬᠦᠴᠦᠷᠬᠡᠭᠵᠢᠭᠦᠯᠬᠦ᠂ ᠬᠠᠮᠲᠤᠷᠠᠯ ᠬᠦᠴᠦᠨ ᠢ ᠨᠢᠭᠲᠠᠷᠠᠭᠤᠯᠬᠤ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠵᠠᠰᠠᠯᠲᠠ ᠶᠢᠨ ᠬᠦᠴᠦᠨ ᠢ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ᠳᠡᠭᠡᠷ᠎ᠡ ᠲᠠᠯᠪᠢᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠬᠦᠳᠦᠯᠦᠨ ᠳᠠᠭᠠᠭᠤᠯᠵᠤ ᠲᠠᠶᠢᠴᠢᠯᠠᠪᠠ᠃    ᠠᠵᠢᠯ ᠤᠨ ᠶᠠᠪᠤᠳᠠᠯ ᠤᠨ ᠡᠷᠬᠡ ᠬᠠᠷᠢᠭᠤᠴᠠᠯᠭ᠎ᠠ ᠨᠢ ᠲᠣᠳᠣᠷᠬᠠᠶ ᠥᠬᠡᠶ᠂ ᠲᠣᠰᠬᠤᠨ ︵ᠨᠡᠶᠢᠭᠡᠮ ᠲᠣᠭᠤᠷᠢᠭ︶ ᠤ ᠫᠠᠶᠢᠰᠠ ᠡᠯᠭᠦᠭᠰᠡᠨ ᠨᠢ ᠠᠷᠪᠢᠨ᠂ ᠮᠡᠳᠡᠭᠦᠯᠬᠦ ᠬᠦᠰᠦᠨᠦᠭᠲᠦ ᠶᠢᠨ ᠡᠬᠡ ᠲᠠᠩᠰᠠ ᠨᠢ ᠠᠷᠪᠢᠨ᠂ ᠰᠢᠯᠭᠠᠨ ᠬᠢᠨᠠᠬᠤ ᠳᠤ ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ᠂ ᠸᠢᠴᠠᠲ ᠤᠨ ᠠᠵᠢᠯ ᠤᠨ ᠰᠦᠷᠦᠭᠵᠢᠯ ᠤᠨ ᠰᠠᠨᠠᠭᠤᠯᠤᠮᠵᠢ ᠲᠠᠰᠤᠷᠠᠯᠲᠠ ᠥᠬᠡᠶ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠵᠢᠨᠢᠩ ᠲᠣᠭᠤᠷᠢᠭ ᠤᠨ ᠫᠠᠶᠢᠰᠠ ᠠᠪᠬᠤ᠂ ᠬᠡᠷᠡᠮ ᠢ ᠴᠡᠪᠡᠷᠯᠡᠬᠦ᠂ ᠰᠦᠷᠦᠭᠵᠢᠯ ᠢ ᠴᠡᠪᠡᠷᠯᠡᠬᠦ ᠵᠡᠷᠭᠡ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠪᠡ᠃ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠨᠢ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠵᠢᠯᠣᠭᠤᠳᠴᠤ᠂ ᠫᠠᠶᠢᠰᠠ ᠡᠯᠭᠦᠭᠰᠡᠨ ᠪᠠᠶᠢᠳᠠᠯ ᠢ ᠰᠢᠰᠲ᠋ᠧᠮ ᠲᠠᠢ ᠡᠮᠬᠢᠯᠡᠨ ᠵᠢᠭᠰᠠᠭᠠᠨ ᠪᠠᠶᠢᠴᠠᠭᠠᠵᠤ᠂ ᠲᠣᠰᠬᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠯᠠᠪᠤᠷ ᠲᠤ ︽ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠲᠣᠰᠬᠤᠨ ᠤ ᠠᠷᠠᠳ ᠤᠨ ᠵᠥᠪᠯᠡᠯ᠂ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ︾ ᠭᠡᠬᠦ 4 ᠫᠠᠶᠢᠰᠠ ᠡᠯᠭᠦᠵᠦ᠂ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠯᠠᠪᠤᠷ ᠲᠤ ︽ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ᠂ ᠰᠠᠭᠤᠭᠠᠯᠢ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠶᠠᠪᠤᠳᠠᠯ ᠤᠨ ᠬᠢᠨᠠᠯᠲᠠ ᠲᠠᠯᠪᠢᠬᠤ ᠵᠥᠪᠯᠡᠯ︾ ᠤᠨ 3 ᠲᠡᠮᠳᠡᠭ ᠪᠠ ︽ᠲᠣᠰᠬᠤᠨ ︵ᠨᠡᠶᠢᠭᠡᠮ ᠲᠣᠭᠤᠷᠢᠭ︶ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠲᠣᠰᠬᠤᠨ ︵ᠨᠡᠶᠢᠭᠡᠮ ᠲᠣᠭᠤᠷᠢᠭ︶ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠥᠷᠲᠡᠭᠡ︾ ᠭᠡᠬᠦ 2 ᠲᠡᠮᠳᠡᠭ ᠢ ᠡᠯᠭᠦᠬᠦ ᠪᠠᠷ ᠲᠣᠭᠲᠠᠪᠠ᠃    ᠣᠳᠣᠬᠠᠨ ᠪᠣᠯᠲᠠᠯ᠎ᠠ᠂ ᠵᠢᠨᠢᠩ ᠲᠣᠭᠤᠷᠢᠭ ᠨᠢᠭᠡᠨᠲᠡ ᠲᠣᠰᠬᠤᠨ᠂ ᠨᠡᠶᠢᠭᠡᠮ ᠲᠣᠭᠤᠷᠢᠭ ᠤᠨ ᠫᠠᠶᠢᠰᠠ ᠶᠢᠨ ᠲᠡᠮᠳᠡᠭ ᠢ 700 ᠭᠠᠷᠤᠶ ᠢᠯᠭᠠᠷᠠᠭᠤᠯᠪᠠ︔ ᠲᠣᠰᠬᠤᠨ ︵ᠨᠡᠶᠢᠭᠡᠮ ᠲᠣᠭᠤᠷᠢᠭ︶ ᠤ ᠡᠭᠦᠷᠭᠡ ᠬᠠᠷᠢᠭᠤᠴᠠᠯᠭ᠎ᠠ ᠶᠢᠨ ᠤᠴᠢᠷ ᠶᠠᠪᠤᠳᠠᠯ ᠤᠨ ᠨᠠᠷᠢᠨ ᠳᠠᠩᠰᠠ ᠶᠢ ᠳᠤᠭᠳᠠᠭᠠᠵᠤ᠂ ᠳᠤᠰᠬᠤᠨ ᠬᠠᠤᠯᠢ ᠶᠣᠰᠣᠭᠠᠷ ᠡᠬᠦᠷᠬᠡ ᠬᠠᠷᠢᠭᠤᠴᠠᠯᠭ᠎ᠠ  ᠪᠠᠨ ᠭᠦᠢᠴᠡᠳᠬᠡᠬᠦ ᠠᠵᠢᠯ ᠤᠨ ᠤᠴᠢᠷ ᠶᠠᠪᠤᠳᠠᠯ ᠢ 51 ᠵᠦᠢᠯ᠂ ᠲᠣᠰᠬᠤᠨ ᠤ ᠬᠠᠤᠯᠢ ᠶᠣᠰᠣᠭᠠᠷ ᠬᠠᠮᠵᠢᠯᠴᠠᠨ ᠬᠠᠪᠰᠤᠷᠬᠤ ᠠᠵᠢᠯ ᠤᠨ ᠬᠡᠷᠡᠭ ᠶᠠᠪᠤᠳᠠᠯ ᠢ 20 ᠵᠦᠢᠯ᠂ ᠬᠠᠤᠯᠢ ᠶᠣᠰᠣᠭᠠᠷ ᠬᠠᠪᠰᠤᠷᠤᠨ ᠭᠡᠷᠡᠴᠢᠯᠡᠬᠦ ᠵᠦᠢᠯᠡᠰ ᠤᠨ ᠨᠠᠵᠠᠭᠠᠢ ᠲᠠᠯ᠎ᠠ ᠶᠢᠨ ᠨᠠᠷᠢᠨ ᠲᠠᠩᠰᠠ 20 ᠵᠦᠢᠯ᠂ ᠨᠡᠶᠢᠭᠡᠮ ᠲᠣᠭᠤᠷᠢᠭ ᠤᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠬᠡᠷᠡᠭ ᠶᠠᠪᠤᠳᠠᠯ ᠢ 46 ᠵᠦᠢᠯ᠂ ᠬᠠᠤᠯᠢ ᠶᠣᠰᠣᠭᠠᠷ ᠬᠠᠪᠰᠤᠷᠤᠨ ᠠᠵᠢᠯ ᠤᠨ ᠤᠴᠢᠷ ᠶᠠᠪᠤᠳᠠᠯ ᠢ 18 ᠵᠦᠢᠯ᠂ ᠭᠡᠷᠡᠴᠢᠯᠡᠬᠦ ᠵᠦᠢᠯᠡᠰ ᠤᠨ ᠨᠠᠵᠠᠭᠠᠢ ᠲᠠᠯ᠎ᠠ ᠶᠢᠨ ᠨᠠᠷᠢᠨ ᠲᠠᠩᠰᠠ 20 ᠵᠦᠢᠯ ᠢ ᠢᠯᠭᠠᠷᠠᠭᠤᠯᠪᠠ︔ ᠡᠭᠦᠨ ᠤ ᠬᠠᠮᠲᠤ ᠪᠢᠴᠢᠭ ᠮᠠᠲ᠋ᠧᠷᠢᠶᠠᠯ ᠢ ᠴᠣᠮᠬᠠᠳᠬᠠᠨ ᠬᠤᠷᠠᠯ ᠬᠤᠷᠠᠯᠳᠤᠭᠤᠯᠵᠤ᠂ ᠮᠠᠲ᠋ᠧᠷᠢᠶᠠᠯ ᠢ ᠳᠠᠪᠬᠤᠷᠳᠠᠭᠤᠯᠤᠨ ᠮᠡᠳᠡᠭᠦᠯᠦᠨ ᠬᠦᠷᠭᠡᠬᠦ ᠶᠢ ᠪᠠᠭᠠᠰᠬᠠᠵᠤ᠂ ᠦᠨᠳᠦᠰᠦᠨ ᠱᠠᠲᠤᠨ ᠤ ᠺᠠᠳ᠋ᠷᠴᠤᠳ ᠤᠨ ᠴᠠᠭ ᠢ ᠤᠯᠠᠨ ᠲᠦᠮᠡᠨ ᠳᠤ ᠦᠢᠯᠡᠴᠢᠯᠡᠬᠦ ᠳᠤ ᠬᠡᠷᠡᠭᠯᠡᠵᠦ᠂ ᠦᠨᠳᠦᠰᠦᠨ ᠱᠠᠲᠤᠨ ᠤ ᠠᠵᠢᠯ ᠢ ᠨᠡᠩ ᠦᠷ᠎ᠡ ᠪᠦᠲᠦᠮᠵᠢ ᠲᠠᠢ᠂ ᠨᠡᠩ ᠠᠮᠢᠵᠢᠷᠠᠯ ᠤᠨ ᠬᠦᠴᠦᠨ ᠲᠠᠢ ᠪᠣᠯᠭᠠᠬᠤ ᠶᠢ ᠠᠬᠢᠭᠤᠯᠪᠡ᠃                 ᠤᠷᠴᠢᠭᠤᠯᠤᠭᠴᠢ᠄ ᠬᠦᠰᠡᠯ                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2