ᠯᠢᠶᠠᠩᠴᠧᠩ ᠰᠢᠶᠠᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ ᠡᠨᠧᠷᠭᠢ ᠣᠯᠭᠤᠬᠤ ᠶᠢ ᠬᠠᠪᠰᠤᠷᠪᠠ
ᠨᠡᠶᠢᠲᠡᠯᠡᠭᠰᠡᠨ ᠴᠠᠭ᠄
2024/12/4
         ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠥᠯᠥᠭᠡ᠂ ᠯᠢᠶᠠᠩᠴᠧᠩ ᠰᠢᠶᠠᠨ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠠᠬᠢᠭᠤᠯᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠠᠲᠤᠯᠠᠵᠤ᠂ ᠠᠵᠤ ᠠᠬᠤᠶᠢᠯᠠᠯ ᠢ ᠬᠠᠪᠰᠤᠷᠤᠨ ᠳᠠᠷᠤᠭᠠᠰᠤ ᠶᠢ ᠬᠥᠩᠭᠡᠷᠡᠭᠦᠯᠵᠦ ᠡᠨᠧᠷᠭᠢ ᠣᠯᠭᠤᠵᠤ᠂ ᠤᠯᠠᠭᠠᠨᠴᠠᠪ ᠬᠤᠲᠠ ᠶᠢᠨ ᠯᠢᠶᠠᠩᠴᠧᠩ ᠰᠢᠶᠠᠨ 2024 ᠣᠨ ᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠠᠯᠠ ᠮᠥᠩᠭᠦ ᠶᠢ ᠬᠢᠨᠠᠨ ᠬᠠᠷᠭᠤᠭᠤᠯᠵᠤ ᠲᠠᠷᠬᠠᠭᠠᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠃ ᠯᠢᠶᠠᠩᠴᠧᠩ ᠰᠢᠶᠠᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ᠂ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠳᠡᠭᠡᠷ᠎ᠡ ᠵᠢᠯ ᠤᠨ ᠰᠦᠢᠳᠬᠡᠯ ᠲᠤᠰᠢᠶᠠᠭᠰᠠᠨ ᠪᠠᠶᠢᠳᠠᠯ᠂ ᠠᠵᠢᠯᠴᠢᠨ ᠬᠠᠰᠤᠭᠰᠠᠨ ᠲᠤᠭ᠎ᠠ ᠪᠠᠷᠢᠮᠲᠠ᠂ ᠨᠢᠭᠡᠴᠢ ᠶᠢᠨ ᠲᠥᠷᠥᠯ ᠬᠡᠯᠪᠡᠷᠢ ᠶᠢ ᠰᠠᠨᠠᠭᠠᠴᠢᠯᠠᠭ᠎ᠠ ᠠᠴᠠ ᠪᠠᠨ ᠣᠯᠵᠤ᠂ ᠬᠡᠯᠪᠡᠷᠢ ᠬᠤᠪᠢᠶᠠᠷᠢᠯᠠᠨ ᠨᠤᠲᠠᠯᠠᠬᠤ᠂ ᠰᠠᠯᠠᠭ᠎ᠠ ᠮᠥᠴᠢᠷ ᠢ ᠬᠠᠷᠢᠴᠠᠭᠤᠯᠬᠤ ᠵᠡᠷᠭᠡ ᠠᠵᠢᠯ ᠢ ᠵᠡᠷᠭᠡᠪᠡᠷ ᠥᠷᠨᠢᠭᠦᠯᠵᠦ᠂ ᠬᠢᠨᠠᠨ ᠬᠠᠷᠭᠤᠭᠤᠯᠵᠤ ᠪᠠᠲᠤᠯᠠᠭᠰᠠᠨ ᠪᠥᠭᠡᠳ ᠣᠨᠳᠣᠤ ᠰᠠᠨᠠᠯ ᠥᠬᠡᠶ ᠨᠢᠭᠡᠴᠢ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠠᠯᠠ ᠮᠥᠩᠭᠦ ᠶᠢ ︽ᠨᠡᠶᠢᠭᠡᠮ ᠤᠨ ᠪᠠᠩᠬᠢ ᠶᠢᠨ ᠲᠠᠪᠴᠠᠩ︾ ᠢᠶᠠᠷ ᠳᠠᠮᠵᠢᠭᠤᠯᠤᠨ ᠲᠣᠰ ᠨᠢᠭᠡᠴᠢ ᠶᠢᠨ ᠲᠠᠩᠰᠠᠨ ᠡᠷᠦᠬᠡ ᠳᠤ ᠬᠦᠷᠦᠭᠦᠯᠦᠨ᠎ᠡ᠃    ᠯᠢᠶᠠᠩᠴᠧᠩ ᠰᠢᠶᠠᠨ ᠪᠠᠰᠠ ᠨᠢᠭᠡᠴᠢ ᠶᠢᠨ ᠣᠯᠠᠨ ᠨᠡᠶᠢᠲᠡ ᠶᠢᠨ ᠳ᠋ᠤᠭᠠᠷ᠂ ᠤᠲᠠᠰᠤ ᠪᠠᠷ ᠮᠡᠳᠡᠭᠳᠡᠬᠦ᠂ ᠸᠢᠴᠠᠲ ᠤᠨ ᠨᠠᠶᠢᠵᠠ ᠶᠢᠨ ᠲᠣᠭᠤᠷᠢᠭ ᠵᠢᠴᠢ ᠠᠵᠤ ᠠᠬᠤᠶᠢᠯᠠᠯ ᠤᠨ ᠸᠢᠴᠠᠲ ᠤᠨ ᠴᠤᠭᠯᠠᠷᠠᠯ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠠᠵᠤ ᠠᠬᠤᠶᠢᠯᠠᠯ ᠤᠨ ᠬᠠᠮᠤᠭ ᠤᠨ ᠲᠡᠷᠢᠭᠦᠨ ᠳᠤ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠣᠶᠢᠯᠠᠭᠠᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ ᠲᠤᠰᠬᠠᠶ ᠠᠩᠭᠢ ᠶᠢ ᠵᠣᠬᠢᠶᠠᠨ ᠪᠠᠶᠢᠭᠤᠯᠤᠨ ᠠᠵᠤ ᠠᠬᠤᠶᠢᠯᠠᠯ ᠳᠤ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠥᠭᠴᠦ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠨᠥᠬᠦᠪᠥᠷᠢ ᠪᠠᠯᠠ ᠮᠥᠩᠭᠦ ᠶᠢ ᠣᠨᠣᠪᠴᠢᠲᠠᠶ ᠣᠯᠭᠤᠨ᠎ᠠ᠃     ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ ᠨᠢᠭᠡᠨᠲᠡ 46 ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ 124.22 ᠲᠦᠮᠡᠨ ᠲᠥᠭᠦᠷᠢᠭ ᠲᠠᠷᠬᠠᠭᠠᠵᠤ᠂ 1675 ᠠᠵᠢᠯᠲᠠᠨ ᠠᠵᠢᠯᠴᠢᠨ ᠳᠤ ᠠᠰᠢᠭ ᠬᠦᠷᠲᠡᠭᠡᠪᠡ᠃ ᠳᠠᠷᠠᠭᠠᠴᠢ ᠶᠢᠨ ᠠᠯᠬᠤᠮ ᠳᠤ᠂ ᠯᠢᠶᠠᠩᠴᠧᠩ ᠰᠢᠶᠠᠨ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠪᠣᠯᠤᠨ᠎ᠠ᠃                            ᠤᠷᠴᠢᠭᠤᠯᠤᠭᠴᠢ᠄ ᠬᠦᠰᠡᠯ                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2