ᠰᠦᠢ ᠸᠧᠢ ᠵᠢᠶᠦ᠋ᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠤᠨ ᠤᠯᠠᠭᠠᠨᠴᠠᠪ ᠬᠤᠳᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ
ᠨᠡᠶᠢᠲᠡᠯᠡᠭᠰᠡᠨ ᠴᠠᠭ᠄
2024/2/1
—— ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ ︽ᠬᠤᠶᠠᠷ ᠶᠡᠭᠡ ᠶᠠᠪᠤᠳᠠᠯ︾ ᠢ  ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ
 
                ᠲᠠᠩ ᠰᠢᠤᠸᠠᠨ ᠪᠥᠸᠧ ᠰᠡᠭᠦᠳᠡᠷᠯᠡᠪᠡ     1 ᠳ᠋ᠤᠭᠡᠷ ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠢ ᠸᠧᠢ ᠵᠢᠶᠦ᠋ᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠬᠤᠷᠠᠯ ᠤᠨ ᠤᠯᠠᠭᠠᠨᠴᠠᠪ ᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠪᠠ᠃     ᠰᠦᠢ ᠸᠧᠢ ᠵᠢᠶᠦ᠋ᠨ᠂ ᠲᠡᠷᠢᠭᠦᠯᠡᠭᠴᠢ ᠸᠠᠩ ᠯᠢ ᠰᠢᠶᠠ ᠶᠢᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠠᠮᠵᠢᠯᠲᠠ ᠪᠠᠨ ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ ᠪᠠᠶᠢᠳᠠᠯ ᠢ ᠵᠠᠳᠠᠯᠬᠤ ᠳᠠᠭᠠᠨ ᠪᠤᠰᠤᠳᠴᠢ ᠪᠥᠭᠡᠳ ᠨᠡᠪᠲᠡᠷᠬᠡᠢ ᠪᠠᠶᠢᠵᠤ᠂ ᠠᠵᠢᠯ ᠢᠶᠠᠨ ᠪᠠᠶᠢᠷᠢᠯᠠᠭᠤᠯᠬᠤ ᠳᠠᠭᠠᠨ ᠦᠨᠡᠨ ᠪᠣᠳᠠᠲᠠᠢ᠂ ᠦᠭᠡ ᠬᠡᠯᠡ ᠪᠣᠷᠣᠭᠵᠢᠭᠤᠨ᠂ ᠠᠮᠵᠢᠯᠲᠠ ᠪᠦᠲᠦᠮᠵᠢ ᠨᠢ ᠢᠯᠡ ᠲᠣᠳᠣ᠂ ᠤᠯᠠᠨ ᠲᠦᠮᠡᠨ ᠲᠠᠢ ᠣᠶᠢᠷᠠᠲᠤᠯᠴᠠᠵᠤ᠂ ᠡᠷᠴᠢ ᠵᠣᠷᠢᠭ ᠢ ᠬᠥᠪᠴᠢᠯᠡᠵᠦ᠂ ᠬᠥᠮᠥᠰ ᠢ ᠵᠣᠷᠢᠭᠵᠢᠭᠤᠯᠤᠨ᠂ ᠤᠷᠤᠭᠰᠢᠯᠠᠨ ᠲᠠᠪᠰᠢᠬᠤ ᠶᠢ ᠵᠣᠷᠢᠭᠵᠢᠭᠤᠯᠵᠤ᠂ ᠤᠳᠤᠷᠢᠳᠤᠮᠵᠢ ᠢᠯᠡ ᠲᠣᠳᠣ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠰᠡᠳᠬᠢᠯ ᠬᠦᠴᠦᠨ ᠢ ᠨᠢᠭᠲᠠᠷᠠᠭᠤᠯᠤᠭᠰᠠᠨ ᠰᠠᠶᠢᠨ ᠮᠡᠳᠡᠭᠦᠯᠦᠯᠲᠡ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠣᠶᠢᠯᠠᠭᠠᠵᠤ᠂ ᠰᠠᠶᠢᠲᠤᠷ ᠳᠤᠭᠤᠰᠢᠯᠠᠭᠤᠯᠵᠤ᠂ ᠣᠳᠣᠬᠠᠨ ᠤ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠂ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠡᠭᠦᠷᠭᠡ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠦ ᠬᠡᠯᠡᠪᠡ᠃                             ᠤᠷᠴᠢᠭᠤᠯᠤᠭᠴᠢ᠄ ᠬᠦᠰᠡᠯ                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2