ᠴᠢ ᠹᠧᠢ ᠶᠦᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠬᠤᠷᠠᠯ ᠤᠨ ᠬᠤᠪᠢᠶᠠᠷᠢ ᠪᠦᠯᠬᠦᠮ ᠳᠤ ᠣᠷᠣᠯᠴᠠᠵᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠦᠪᠯᠡᠪᠡ
ᠨᠡᠶᠢᠲᠡᠯᠡᠭᠰᠡᠨ ᠴᠠᠭ᠄
2024/2/1
︱ ᠡᠭᠦᠷᠭᠡ ᠪᠠᠨ ᠳᠠᠭᠠᠭᠠᠨ ᠠᠵᠢᠯᠯᠠᠵᠤ ᠢᠳᠡᠪᠬᠢᠲᠡᠢ ᠪᠠᠷ ᠤᠷᠤᠭᠰᠢᠯᠠᠨ ᠳᠠᠪᠰᠢᠵᠤ ᠡᠯ᠎ᠡ ᠵᠦᠢᠯ ᠤᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ
                                ᠲᠠᠩ ᠰᠢᠤᠸᠠᠨ ᠪᠥᠸᠧ ᠰᠡᠭᠦᠳᠡᠷᠯᠡᠪᠡ     1 ᠳ᠋ᠤᠭᠡᠷ ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ  ᠤᠳᠠᠭᠠᠨ ᠤ ᠬᠤᠷᠠᠯ ᠤᠨ ᠬᠤᠪᠢᠶᠠᠷᠢ ᠪᠦᠯᠬᠦᠮ ᠳᠤ ᠤᠷᠤᠯᠴᠠᠵᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠬᠦ ᠳᠡᠭᠡᠨ᠂ ᠡᠭᠦᠷᠭᠡ ᠪᠠᠨ ᠳᠠᠭᠠᠭᠠᠨ ᠠᠵᠢᠯᠯᠠᠵᠤ᠂ ᠢᠳᠡᠪᠬᠢᠲᠡᠢ ᠪᠠᠷ ᠤᠷᠤᠭᠰᠢᠯᠠᠨ ᠳᠠᠪᠰᠢᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠲᠦᠯᠬᠢᠨ ᠠᠬᠢᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠥᠪᠡᠷᠲᠡᠭᠡᠨ ᠵᠠᠰᠠᠬᠤ ᠣᠷᠣᠨ ᠳᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠦ ᠴᠢᠬᠤᠯᠠᠴᠢᠯᠠᠪᠠ᠃     ᠴᠢ ᠹᠧᠢ ᠶᠦᠨ᠂ ᠲᠡᠷᠢᠭᠦᠯᠡᠭᠴᠢ ᠸᠠᠩ ᠯᠢ ᠰᠢᠶᠠ ᠶᠢᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠰᠡᠳᠬᠢᠴᠡ ᠲᠣᠳᠣᠷᠬᠠᠢ᠂ ᠬᠠᠷᠠᠯᠲᠠ ᠲᠣᠳᠣᠷᠬᠠᠢ᠂ ᠠᠷᠭ᠎ᠠ ᠬᠡᠮᠵᠢᠶ᠎ᠡ ᠬᠦᠴᠦᠲᠡᠢ ᠪᠠᠶᠢᠵᠤ᠂ ᠲᠣᠭᠲᠠᠭᠠᠭᠰᠠᠨ ᠡᠯ᠎ᠡ ᠵᠦᠢᠯ ᠤᠨ ᠭᠦᠢᠴᠡᠳᠬᠡᠯ ᠲᠤᠭ᠎ᠠ ᠪᠣᠯᠣᠨ ᠬᠠᠷᠠᠯᠲᠠ ᠡᠭᠦᠷᠭᠡ ᠨᠢ ᠲᠤᠶᠢᠯ ᠤᠨ ᠴᠢᠩᠭ᠎ᠠ ᠰᠢᠨᠵᠢᠯᠡᠬᠦ ᠤᠬᠠᠭᠠᠨᠴᠢ ᠴᠢᠨᠠᠷ᠂ ᠪᠠᠷᠠᠭᠠᠯᠬᠢᠯᠠᠯᠳᠤ ᠴᠢᠨᠠᠷ ᠪᠣᠯᠣᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠢᠯᠡᠷᠡᠭᠦᠯᠵᠡᠢ᠃ ᠢᠯᠠᠩᠭᠤᠶ᠎ᠠ ᠣᠷᠣᠨ ᠪᠦᠰᠡ ᠶᠢᠨ ᠲᠥᠯᠦᠪᠵᠢᠭᠦᠯᠭᠡ᠂ ᠠᠵᠤ ᠦᠢᠯᠡᠰ ᠤᠨ ᠰᠢᠰᠲ᠋ᠧᠮ᠂ ᠪᠡᠯᠡ ᠣᠷᠣᠭᠤᠯᠤᠯᠲᠠ ᠶᠢᠨ ᠬᠡᠷᠡᠭᠯᠡᠭᠡ᠂ ᠥᠭᠡᠷᠡᠴᠢᠯᠡᠯᠲᠡ ᠨᠡᠭᠡᠭᠡᠯᠲᠡ᠂ ᠠᠵᠤ ᠠᠬᠤᠶᠢᠯᠠᠯ ᠢ ᠲᠤᠰᠠᠯᠠᠵᠤ ᠠᠷᠠᠳ ᠲᠤ ᠠᠰᠢᠭ ᠬᠦᠷᠲᠡᠭᠡᠬᠦ ᠵᠡᠷᠭᠡ ᠠᠵᠢᠯ ᠤᠨ ᠪᠠᠶᠢᠷᠢᠯᠠᠭᠤᠯᠤᠯᠲᠠ ᠨᠢ ᠨᠠᠷᠢᠨ ᠨᠢᠮᠪᠠᠢ᠂ ᠯᠣᠭᠢᠭ ᠤᠨ ᠲᠠᠯ᠎ᠠ ᠪᠠᠷ ᠴᠢᠩᠭ᠎ᠠ ᠨᠢᠮᠪᠠᠢ ᠪᠠᠶᠢᠵᠤ᠂ ᠮᠠᠰᠢ ᠴᠢᠩᠭ᠎ᠠ ᠵᠢᠯᠤᠭᠤᠳᠬᠤ ᠴᠢᠨᠠᠷ ᠲᠠᠢ ᠶᠤᠮ᠃ ᠶᠡᠭᠡ ᠲᠠᠯ᠎ᠠ ᠶᠢ ᠡᠷᠬᠢᠮᠯᠡᠭᠰᠡᠨ᠂ ᠢᠲᠡᠭᠡᠯ ᠵᠣᠷᠢᠭ ᠢᠶᠠᠨ ᠴᠢᠩᠭᠠᠷᠠᠭᠤᠯᠤᠭᠰᠠᠨ᠂ ᠭᠦᠨᠴᠡ ᠲᠠᠢ ᠰᠠᠶᠢᠨ ᠢᠯᠡᠳᠬᠡᠯ ᠮᠥᠨ ᠭᠡᠵᠤ ᠬᠡᠯᠡᠪᠡ᠃     ᠴᠢ ᠹᠧᠢ ᠶᠦᠨ ᠬᠡᠯᠡᠬᠦ ᠳᠡᠭᠡᠨ᠂ ᠬᠠᠷᠢᠭᠰᠠᠨ ᠤ ᠳᠠᠷᠠᠭ᠎ᠠ᠂ ᠤᠯᠠᠭᠠᠨᠴᠠᠪ ᠯᠠᠪᠲᠠᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠰᠠᠶᠢᠲᠤᠷ ᠤᠯᠠᠮᠵᠢᠯᠠᠵᠤ᠂ ᠰᠠᠶᠢᠲᠤᠷ ᠤᠬᠠᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠥᠨᠳᠥᠷ ᠰᠠᠭᠤᠷᠢ ᠲᠣᠭᠠᠨ ᠤ ᠰᠠᠭᠤᠷᠢᠨ ᠳᠡᠭᠡᠷ᠎ᠡ ᠴᠢᠨᠠᠷ ᠰᠠᠶᠢᠲᠠᠢ᠂ ᠲᠦᠷᠭᠡᠨ ᠬᠤᠷᠳᠤᠴᠠ ᠪᠠᠷ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ ᠪᠥᠬᠦ ᠣᠷᠣᠨ ᠤ ᠨᠢᠭᠡᠳᠦᠭᠡᠷ ᠡᠩᠨᠡᠭᠡᠨ ᠳᠤ ᠪᠠᠶᠢᠯᠭᠠᠬᠤ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠶᠢ ᠪᠡᠶᠡᠯᠡᠭᠦᠯᠬᠦ ᠳᠤ ᠤᠯᠠᠭᠠᠨᠴᠠᠪ ᠤᠨ ᠬᠦᠴᠦᠨ ᠴᠢᠳᠠᠯ ᠢ ᠨᠡᠮᠡᠷᠢᠯᠡᠨ᠎ᠡ ᠭᠡᠵᠡᠢ᠃                          ᠤᠷᠴᠢᠭᠤᠯᠤᠭᠴᠢ᠄ ᠬᠦᠰᠡᠯ                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2