︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤ ᠤᠯᠠᠭᠠᠨᠴᠠᠪ ᠤᠨ ᠯᠢᠶᠠᠩᠴᠧᠩ ᠤᠨ ᠤᠷᠤᠯᠳᠤᠭᠠᠨ ᠤ ᠲᠣᠭᠤᠷᠢᠭ ᠲᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/2/18
    2 ᠰᠠᠷ᠎ᠠ ᠶᠢᠨ 13 ᠤ ᠦᠳᠡ ᠶᠢᠨ ᠡᠮᠦᠨ᠎ᠡ᠂ ᠤᠯᠠᠨ ᠤ ᠠᠩᠬᠠᠷᠤᠯ ᠢ ᠳᠠᠲᠠᠬᠰᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠤᠯᠠᠭᠠᠨᠴᠠᠪ ᠤᠨ ᠯᠢᠶᠠᠩᠴᠧᠩ ᠤᠨ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠡᠬᠢᠯᠡᠬᠦ ᠶᠣᠰᠣᠯᠠᠯ ᠯᠢᠶᠠᠩᠴᠧᠩ ᠰᠢᠶᠠᠨ ᠤ ᠴᠡᠨᠡᠯᠡᠯᠲᠡ ᠶᠢᠨ ᠲᠠᠯᠠᠪᠠᠢ ᠳᠤ ᠶᠠᠪᠤᠭᠳᠠᠪᠠ᠃  ᠵᠠᠩ ᠰᠢᠶᠤᠤ ᠫᠧᠩ ᠰᠡᠭᠦᠳᠡᠷᠯᠡᠪᠡ          ᠤᠷᠤᠯᠳᠤᠭᠠᠨ ᠤ ᠵᠣᠬᠢᠶᠠᠨ ᠪᠠᠶᠢᠭᠤᠯᠬᠤ ᠺᠣᠮᠢᠰ ᠤᠨ ᠲᠣᠬᠢᠷᠠᠭᠤᠯᠤᠯᠲᠠ ᠶᠣᠰᠣᠭᠠᠷ᠂ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤ ᠤᠯᠠᠭᠠᠨᠴᠠᠪ ᠤᠨ ᠯᠢᠶᠠᠩᠴᠧᠩ ᠤᠨ ᠤᠷᠤᠯᠳᠤᠭᠠᠨ ᠤ ᠲᠣᠭᠤᠷᠢᠭ ᠨᠢ 2 ᠰᠠᠷ᠎ᠠ ᠶᠢᠨ 14 ᠤ ᠡᠳᠦᠷ ᠠᠴᠠ 2 ᠰᠠᠷ᠎ᠠ ᠶᠢᠨ 26 ᠤ ᠡᠳᠦᠷ ᠪᠣᠯᠲᠠᠯ᠎ᠠ ᠬᠡᠭᠡᠷ᠎ᠡ ᠶᠢᠨ ᠴᠡᠨᠡᠯᠡᠯᠲᠡ᠂ ᠡᠪᠦᠯ ᠤᠨ ᠤᠯᠠᠷᠢᠯ ᠤᠨ ᠬᠤᠶᠠᠷ ᠲᠥᠷᠥᠯ᠂ ᠳᠠᠩ  ᠬᠠᠪᠲᠠᠰᠤ ᠶᠢᠨ ᠴᠡᠨᠡᠯᠡᠯᠲᠡ ᠶᠢᠨ ᠰᠠᠭᠠᠳ ᠳᠠᠪᠠᠭ᠋ᠤ᠂ ᠴᠢᠯᠥᠭᠡᠲᠦ ᠮᠠᠶ᠋ᠢᠭ ᠤᠨ ᠴᠡᠨᠡᠯᠡᠯᠲᠡ ᠶᠢᠨ ᠰᠠᠭᠠᠳ ᠳᠠᠪᠠᠭ᠋ᠤ ᠵᠡᠷᠭᠡ 4 ᠵᠦᠢᠯ ᠤᠨ ᠤᠷᠤᠯᠳᠤᠭᠠᠨ ᠡᠷᠬᠢᠯᠡᠵᠦ᠂ ᠨᠡᠶᠢᠲᠡ 38 ᠠᠯᠲᠠᠨ ᠮᠧᠳᠠᠯ ᠲᠤᠳᠤᠷᠠᠬᠤ ᠪᠣᠯᠤᠨ᠎ᠠ᠃ ᠪᠦᠬᠦ ᠤᠯᠤᠰ ᠠᠴᠠ ᠢᠷᠡᠭᠰᠡᠨ 62 ᠲᠥᠯᠥᠭᠡᠯᠡᠭᠴᠢ ᠶᠢᠨ ᠠᠩᠬᠢ ᠶᠢᠨ 383 ᠲᠠᠮᠢᠷᠴᠢᠨ ᠤᠷᠤᠯᠳᠤᠭᠠᠨ ᠳᠤ ᠤᠷᠣᠯᠴᠠᠨ᠎ᠠ᠃                       ᠰᠤᠷᠪᠤᠯᠵᠢᠯᠠᠭᠴᠢ᠄ ᠸᠠᠩ ᠶᠢᠨ ᠫᠧᠩ                       ᠣᠷᠴᠢᠭᠤᠯᠤᠭᠴᠢ᠄ ᠬᠦᠰᠡᠯ                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2