︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤ ᠤᠯᠠᠭᠠᠨᠴᠠᠪ ᠤᠨ ᠯᠢᠶᠠᠩᠴᠧᠩ ᠤᠨ ᠤᠷᠤᠯᠳᠤᠭᠠᠨ ᠤ ᠲᠣᠭᠤᠷᠢᠭ ᠲᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/2/18
     2 ᠰᠠᠷ᠎ᠠ ᠶᠢᠨ 13 ᠤ ᠦᠳᠡ ᠶᠢᠨ ᠡᠮᠦᠨ᠎ᠡ᠂ ᠤᠯᠠᠨ ᠤ ᠠᠩᠬᠠᠷᠤᠯ ᠢ ᠳᠠᠲᠠᠬᠰᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠤᠯᠠᠭᠠᠨᠴᠠᠪ ᠤᠨ ᠯᠢᠶᠠᠩᠴᠧᠩ ᠤᠨ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠡᠬᠢᠯᠡᠬᠦ ᠶᠣᠰᠣᠯᠠᠯ ᠯᠢᠶᠠᠩᠴᠧᠩ ᠰᠢᠶᠠᠨ ᠤ ᠴᠡᠨᠡᠯᠡᠯᠲᠡ ᠶᠢᠨ ᠲᠠᠯᠠᠪᠠᠢ ᠳᠤ ᠶᠠᠪᠤᠭᠳᠠᠪᠠ᠃     ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠬᠥᠭᠡᠷᠦᠭᠦᠯᠬᠦ ᠡᠮ ᠢ ᠡᠰᠡᠷᠭᠦᠴᠡᠬᠦ ᠲᠥᠪ ᠤᠨ ᠳᠡᠳ᠋ ᠡᠷᠬᠢᠯᠡᠭᠴᠢ ᠯᠢᠨ ᠬᠠᠶ ᠶᠠᠨ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠯᠢ ᡁᠢ ᠶᠢᠦ ᠤᠷᠤᠯᠳᠤᠭᠠᠨ ᠡᠬᠢᠯᠡᠬᠦ ᠶᠣᠰᠣᠯᠠᠯ ᠳᠤ ᠣᠷᠣᠯᠴᠠᠪᠠ᠃ ᠬᠤᠲᠠ ᠶᠢᠨ ᠳᠡᠳ᠋ ᠳᠠᠷᠤᠭ᠎ᠠ ᠹᠠᠩ ᠽᠧ ᠬᠤᠷᠠᠯ ᠳᠤ ᠣᠷᠣᠯᠴᠠᠭᠰᠠᠨ ᠪᠥᠭᠡᠳ ᠤᠷᠤᠯᠳᠤᠭᠠᠨ ᠡᠬᠢᠯᠡᠭᠰᠡᠨ ᠢ ᠵᠠᠷᠯᠠᠪᠠ᠃     ᠤᠷᠤᠯᠳᠤᠭᠠᠨ ᠡᠬᠢᠯᠡᠬᠦ ᠶᠣᠰᠣᠯᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠬᠥᠰᠢᠭᠡ ᠪᠠᠨ ᠰᠡᠬᠦᠪᠡ᠃ ᠲᠠᠮᠢᠷᠴᠢᠳ ᠤᠨ ᠲᠥᠯᠥᠭᠡᠯᠡᠭᠴᠢ ᠪᠣᠯᠤᠨ ᠬᠢᠨᠠᠭᠴᠢ ᠶᠢᠨ ᠲᠥᠯᠥᠭᠡᠯᠡᠭᠴᠢ ᠤᠷᠢᠳ ᠬᠤᠵᠢᠳ ᠲᠠᠶᠢᠰᠠᠨ ᠳᠤ ᠭᠠᠷᠴᠤ ᠶᠠᠷᠢᠶ᠎ᠠ ᠲᠠᠯᠪᠢᠵᠤ᠂ ᠡᠯ᠎ᠡ ᠲᠥᠷᠥᠯ ᠤᠨ ᠤᠷᠤᠯᠳᠤᠭᠠᠨ ᠤ ᠳᠦᠷᠢᠮ ᠢ ᠴᠢᠩᠭ᠎ᠠ ᠵᠢᠷᠤᠮᠯᠠᠵᠤ᠂ ᠦᠵᠡᠭᠴᠢᠳ ᠲᠤ ᠪᠦᠬᠦ ᠬᠦᠴᠦᠨ ᠢᠶᠠᠷ ᠢᠶᠠᠨ ᠭᠤᠴᠣ ᠰᠠᠶᠢᠬᠠᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠦᠪᠡᠳᠡᠭᠰᠢ ᠨᠠᠶᠢᠷ ᠢ ᠳᠡᠯᠭᠡᠨ ᠦᠵᠡᠭᠦᠯᠦᠨ᠎ᠡ ᠭᠡᠵᠦ ᠠᠮᠠᠯᠠᠪᠠ᠃     ︽ᠲᠤᠰ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠯᠢᠶᠠᠩᠴᠧᠩ ᠰᠢᠶᠠᠨ ᠤ ᠠᠩᠬ᠎ᠠ ᠤᠳᠠᠭ᠎ᠠ ᠳᠠᠭᠠᠭᠠᠴᠢᠯᠠᠨ ᠡᠷᠬᠢᠯᠡᠭᠰᠡᠨ ᠪᠦᠬᠦ ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ ᠴᠤᠭᠯᠠᠭᠠᠨ ᠪᠣᠯᠤᠨ᠎ᠠ᠃ ᠪᠡᠯᠡᠳᠬᠡᠯ ᠠᠵᠢᠯ ᠢ ᠥᠷᠨᠢᠭᠦᠯᠦᠭᠰᠡᠨ ᠠᠴᠠ ᠨᠠᠰᠢ᠂ ᠲᠠᠯᠠᠪᠤᠷ ᠭᠠᠵᠠᠷ ᠤᠨ ᠪᠠᠶᠢᠭᠤᠯᠤᠯᠲᠠ᠂ ᠤᠷᠤᠯᠳᠤᠭᠠᠨ ᠤ ᠵᠣᠬᠢᠶᠠᠨ  ᠪᠠᠶᠢᠭᠤᠯᠤᠯᠲᠠ᠂ ᠤᠬᠠᠭᠤᠯᠤᠨ ᠮᠡᠳᠡᠭᠡᠯᠡᠬᠦ᠂ ᠠᠮᠤᠷ ᠲᠦᠪᠰᠢᠨ ᠤ ᠬᠠᠮᠠᠭᠠᠯᠠᠯᠲᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠡᠯ᠎ᠡ ᠵᠦᠢᠯ ᠤᠨ ᠠᠵᠢᠯ ᠢ ᠤᠷᠤᠭᠰᠢᠲᠠᠶ ᠠᠬᠢᠭᠤᠯᠵᠤ᠂ ᠤᠷᠤᠯᠳᠤᠭᠠᠨ ᠢ ᠠᠮᠵᠢᠯᠲᠠ ᠲᠠᠢ ᠡᠷᠭᠢᠯᠡᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠦᠭᠴᠡᠢ︾᠃ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ᠂ ᠯᠢᠶᠠᠩᠴᠧᠩ ᠰᠢᠶᠠᠨ ᠪᠥᠬᠦ ᠰᠢᠶᠠᠨ ᠤ ᠬᠦᠴᠦᠨ ᠢ ᠳᠠᠶᠢᠴᠢᠯᠠᠵᠤ᠂ ᠲᠡᠷᠢᠭᠦᠨ ᠤ ᠲᠥᠬᠦᠭᠡᠷᠦᠮᠵᠢ᠂ ᠲᠡᠷᠢᠭᠦᠨ ᠤ ᠦᠢᠯᠡᠴᠢᠯᠡᠭᠡ᠂ ᠲᠡᠷᠢᠭᠦᠨ ᠤ ᠵᠣᠬᠢᠶᠠᠨ ᠪᠠᠶᠢᠭᠤᠯᠤᠯᠲᠠ ᠪᠠᠷ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠭᠤᠶᠢᠳᠠ ᠰᠠᠶᠢᠬᠠᠨ ᠪᠣᠯᠪᠠᠰᠤᠨ᠂ ᠰᠣᠩᠭᠤᠳᠠᠭ ᠮᠠᠷᠲᠠᠭᠳᠠᠰᠢ ᠥᠬᠡᠶ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠪᠣᠯᠭᠠᠨ ᠡᠷᠭᠢᠯᠡᠬᠦ ᠶᠢ ᠦᠨᠡᠨ ᠬᠦ ᠪᠠᠲᠤᠯᠠᠨ᠎ᠠ ᠭᠡᠵᠤ ᠢᠯᠡᠷᠬᠡᠶᠢᠯᠡᠪᠡ᠃     ︽2023 ᠣᠨ ᠳᠤ ᠪᠢᠳᠡ ᠪᠦᠬᠦᠯᠢ ᠨᠢᠭᠡ ᠵᠢᠯ ᠢᠶᠠᠷ ᠢᠶᠠᠨ ᠡᠯ᠎ᠡ ᠭᠠᠵᠠᠷ ᠲᠤ ᠪᠣᠯᠪᠠᠰᠤᠷᠠᠯ ᠥᠷᠨᠢᠭᠦᠯᠵᠦ᠂ ᠪᠦᠬᠦᠯᠢ ᠴᠣᠭᠴᠠ ᠶᠢᠨ ᠪᠣᠯᠪᠠᠰᠤᠷᠠᠯ ᠤᠨ ᠦᠷ᠎ᠡ ᠪᠦᠲᠦᠮᠵᠢ ᠨᠡᠯᠢᠶᠡᠳ ᠰᠠᠶᠢᠨ ᠪᠠᠶᠢᠨ᠎ᠠ᠃ 2024 ᠣᠨ ᠤ 1 ᠰᠠᠷ᠎ᠠ ᠶᠢᠨ 4 ᠤ ᠡᠳᠦᠷ᠂ ᠪᠢ ᠬᠢᠷᠢ ᠬᠡᠮ ᠤᠨ ᠤᠷᠤᠯᠳᠤᠭᠠᠨ ᠢᠶᠠᠷ ᠳᠠᠮᠵᠢᠭᠤᠯᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠢᠷᠢ ᠬᠡᠮ ᠢ ᠣᠯᠵᠠᠶ᠃ ᠡᠪᠦᠯ ᠤᠨ ᠤᠯᠠᠷᠢᠯ ᠳᠤ ᠤᠯᠠᠭᠠᠨᠴᠠᠪ ᠤᠨ ᠯᠢᠶᠠᠩᠴᠧᠩ ᠤᠨ ᠤᠷᠤᠯᠳᠤᠭᠠᠨ ᠤ ᠲᠣᠭᠤᠷᠢᠭ ᠲᠤ  ᠤᠷᠤᠯᠳᠤᠭᠠᠨ ᠳᠤ ᠪᠡᠯᠡᠳᠭᠡᠬᠦ ᠦᠶ᠎ᠡ ᠳᠤ᠂ ᠠᠳᠡᠬᠢ ᠪᠡᠯᠡᠳᠬᠡᠯ ᠠᠵᠢᠯ ᠡᠮᠬᠢ ᠳᠢᠭᠯᠢᠮ ᠲᠠᠢ ᠶᠠᠪᠤᠭᠳᠠᠪᠠ᠃ ᠨᠡᠷ᠎ᠡ ᠮᠡᠳᠡᠭᠦᠯᠬᠦ ᠦᠶ᠎ᠡ ᠳᠤ᠂ ᠢᠳᠡᠵᠦ ᠤᠤᠭᠤᠬᠤ ᠬᠤᠨᠣᠵᠤ ᠬᠡᠪᠲᠡᠬᠦ ᠵᠡᠷᠭᠡ ᠪᠠᠲᠤᠯᠠᠭ᠎ᠠ ᠶᠢᠨ ᠠᠵᠢᠯ ᠢ ᠴᠥᠮ ᠮᠠᠰᠢ ᠪᠣᠳᠠᠲᠠᠶᠢᠵᠢᠭᠤᠯᠵᠤ᠂ ᠠᠵᠢᠯᠲᠠᠳ ᠴᠥᠮ ᠮᠠᠰᠢ ᠬᠠᠯᠠᠭᠤᠮᠰᠤᠭ︕︾ ᠥᠪᠥᠷ ᠮᠣᠩᠭᠤᠯ ᠤᠨ ᠡᠪᠦᠯ ᠤᠨ ᠤᠯᠠᠷᠢᠯ ᠤᠨ ᠬᠤᠶᠠᠷ ᠲᠥᠷᠥᠯ ᠤᠨ ᠠᠩᠭᠢ ᠶᠢᠨ ᠭᠡᠰᠢᠭᠦᠨ ᡂᠢ ᠶᠠᠨ ᠮᠢᠨ᠂ ᠲᠡᠷᠡ ᠡᠪᠦᠯ ᠤᠨ ᠤᠯᠠᠷᠢᠯ ᠤᠨ ᠬᠤᠶᠠᠷ ᠲᠥᠷᠥᠯ ᠤᠨ ᠤᠷᠤᠯᠳᠤᠭᠠᠨ ᠤ ᠪᠥᠬᠦ ᠲᠥᠷᠥᠯ ᠵᠦᠢᠯ ᠳᠤ ᠣᠷᠣᠯᠴᠠᠵᠤ᠂ ᠲᠠᠷᠠᠭᠠᠴᠢ ᠶᠢᠨ ᠤᠷᠤᠯᠳᠤᠭᠠᠨ ᠳᠤ ᠪᠥᠬᠦ ᠬᠦᠴᠦᠨ ᠢᠶᠠᠷ ᠢᠶᠠᠨ ᠠᠯᠲᠠᠨ ᠮᠧᠳᠠᠯ ᠣᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠤ ᠢᠯᠡᠷᠬᠡᠶᠢᠯᠡᠪᠡ᠃     ᠤᠷᠤᠯᠳᠤᠭᠠᠨ ᠤ ᠵᠣᠬᠢᠶᠠᠨ ᠪᠠᠶᠢᠭᠤᠯᠬᠤ ᠺᠣᠮᠢᠰ ᠤᠨ ᠲᠣᠬᠢᠷᠠᠭᠤᠯᠤᠯᠲᠠ ᠶᠣᠰᠣᠭᠠᠷ᠂ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤ ᠤᠯᠠᠭᠠᠨᠴᠠᠪ ᠤᠨ ᠯᠢᠶᠠᠩᠴᠧᠩ ᠤᠨ ᠤᠷᠤᠯᠳᠤᠭᠠᠨ ᠤ ᠲᠣᠭᠤᠷᠢᠭ ᠨᠢ 2 ᠰᠠᠷ᠎ᠠ ᠶᠢᠨ 14 ᠤ ᠡᠳᠦᠷ ᠠᠴᠠ 2 ᠰᠠᠷ᠎ᠠ ᠶᠢᠨ 26 ᠤ ᠡᠳᠦᠷ ᠪᠣᠯᠲᠠᠯ᠎ᠠ ᠬᠡᠭᠡᠷ᠎ᠡ ᠶᠢᠨ ᠴᠡᠨᠡᠯᠡᠯᠲᠡ᠂ ᠡᠪᠦᠯ ᠤᠨ ᠤᠯᠠᠷᠢᠯ ᠤᠨ ᠬᠤᠶᠠᠷ ᠲᠥᠷᠥᠯ᠂ ᠳᠠᠩ  ᠬᠠᠪᠲᠠᠰᠤ ᠶᠢᠨ ᠴᠡᠨᠡᠯᠡᠯᠲᠡ ᠶᠢᠨ ᠰᠠᠭᠠᠳ ᠳᠠᠪᠠᠭ᠋ᠤ᠂ ᠴᠢᠯᠥᠭᠡᠲᠦ ᠮᠠᠶ᠋ᠢᠭ ᠤᠨ ᠴᠡᠨᠡᠯᠡᠯᠲᠡ ᠶᠢᠨ ᠰᠠᠭᠠᠳ ᠳᠠᠪᠠᠭ᠋ᠤ ᠵᠡᠷᠭᠡ 4 ᠵᠦᠢᠯ ᠤᠨ ᠤᠷᠤᠯᠳᠤᠭᠠᠨ ᠡᠷᠬᠢᠯᠡᠵᠦ᠂ ᠨᠡᠶᠢᠲᠡ 38 ᠠᠯᠲᠠᠨ ᠮᠧᠳᠠᠯ ᠲᠤᠳᠤᠷᠠᠬᠤ ᠪᠣᠯᠤᠨ᠎ᠠ᠃ ᠪᠦᠬᠦ ᠤᠯᠤᠰ ᠠᠴᠠ ᠢᠷᠡᠭᠰᠡᠨ 62 ᠲᠥᠯᠥᠭᠡᠯᠡᠭᠴᠢ ᠶᠢᠨ ᠠᠩᠬᠢ ᠶᠢᠨ 383 ᠲᠠᠮᠢᠷᠴᠢᠨ ᠤᠷᠤᠯᠳᠤᠭᠠᠨ ᠳᠤ ᠤᠷᠣᠯᠴᠠᠨ᠎ᠠ᠃                       ᠰᠤᠷᠪᠤᠯᠵᠢᠯᠠᠭᠴᠢ᠄ ᠸᠠᠩ ᠶᠢᠨ ᠫᠧᠩ                       ᠣᠷᠴᠢᠭᠤᠯᠤᠭᠴᠢ᠄ ᠭᠤᠸ᠎ᠠ                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2