ᠰᠦᠢ ᠸᠧᠢ ᠵᠢᠶᠦ᠋ᠨ ᠯᠢᠶᠠᠩᠴᠧᠩ ᠰᠢᠶᠠᠨ ᠳᠤ ᠭᠦᠨᠵᠡᠭᠡᠶᠢᠷᠡᠨ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠤᠷᠤᠯᠳᠤᠭᠠᠨ ᠤ ᠠᠵᠢᠯᠯᠠᠭᠠᠨ ᠪᠠ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/2/18
    2 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠯᠢᠶᠠᠩᠴᠧᠩ ᠰᠢᠶᠠᠨ ᠳᠤ ᠭᠦᠨᠵᠡᠭᠡᠶᠢᠷᠡᠨ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤ ᠤᠷᠤᠯᠳᠤᠭᠠᠨ ᠤ ᠠᠵᠢᠯᠯᠠᠭᠠᠨ ᠪᠠ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠠᠶᠢᠴᠠᠭᠠᠨ ᠰᠤᠳᠤᠯᠪᠠ᠃     ᠣᠳᠣᠬᠠᠨ ᠳᠤ᠂ ︽ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠡᠪᠦᠯ ᠤᠨ ᠤᠯᠠᠷᠢᠯ ᠤᠨ ᠬᠤᠶᠠᠷ ᠲᠥᠷᠥᠯ᠂ ᠬᠡᠭᠡᠷᠡᠯᠡᠨ ᠴᠠᠨᠠᠯᠠᠬᠤ ᠤᠷᠤᠯᠳᠤᠭᠠᠨ ᠶᠠᠭ ᠬᠦᠷ ᠬᠥᠭᠵᠢᠶᠡᠨ ᠲᠠᠢ ᠶᠠᠪᠤᠭᠳᠠᠵᠤ ᠪᠠᠶᠢᠨ᠎ᠠ᠃ ᠰᠦᠢ ᠸᠧᠢ ᠵᠢᠶᠦ᠋ᠨ ᠤᠷᠢᠳ ᠬᠤᠵᠢᠳ ᠯᠢᠶᠠᠩᠴᠧᠩ ᠤᠨ ᠴᠡᠨᠡᠯᠡᠯᠲᠡ ᠶᠢᠨ ᠲᠠᠯᠠᠪᠠᠢ ᠪᠣᠯᠤᠨ ᠿᠢ ᠱᠧᠩ ᠲᠤᠮᠤ ᠪᠠᠭᠤᠳᠠᠯ ᠳᠤ ᠬᠦᠷᠴᠦ᠂ ᠤᠷᠤᠯᠳᠤᠭᠠᠨ ᠤ ᠲᠠᠯᠠᠪᠤᠷ ᠤᠨ ᠠᠵᠢᠯᠯᠠᠭ᠎ᠠ᠂ ᠤᠷᠤᠯᠳᠤᠭᠠᠨ ᠤ ᠵᠠᠮ ᠤᠨ ᠪᠠᠶᠢᠭᠤᠯᠤᠯᠲᠠ᠂ ᠲᠠᠮᠢᠷᠴᠢᠳ ᠤᠨ ᠢᠳᠡᠵᠦ ᠤᠤᠭᠤᠬᠤ ᠬᠤᠨᠣᠵᠤ ᠬᠡᠪᠲᠡᠬᠦ ᠦᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠵᠠᠭᠤᠴᠢᠯᠠᠭᠤᠷ ᠤᠨ ᠰᠤᠷᠪᠤᠯᠵᠢᠯᠠᠭᠴᠢ ᠪᠣᠯᠤᠨ ᠰᠠᠶᠢᠨ ᠳᠤᠷ᠎ᠠ ᠶᠢᠨ ᠠᠵᠢᠯᠯᠠᠭᠴᠢ ᠶᠢ ᠡᠷᠬᠢᠨ ᠦᠵᠡᠵᠦ᠂ ᠲᠡᠳᠡᠨ ᠳᠤ ᠴᠠᠭᠠᠨ ᠰᠠᠷ᠎ᠠ ᠶᠢᠨ ᠵᠥᠩᠨᠡᠯ ᠪᠣᠯᠤᠨ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ᠂ ᠤᠯᠠᠨ ᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃     ᠰᠦᠢ ᠸᠧᠢ ᠵᠢᠶᠦ᠋ᠨ᠂ ᠰᠠᠶᠢᠨ ᠳᠤᠷ᠎ᠠ ᠶᠢᠨ ᠠᠵᠢᠯᠯᠠᠭᠴᠢᠳ ᠤᠨ ᠪᠦᠯᠬᠦᠮ ᠤᠨ ᠬᠢᠨ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠢᠯᠡᠴᠢᠯᠡᠭᠡ ᠪᠠᠨ ᠨᠡᠩ ᠳᠣᠲᠣᠨᠣ᠂ ᠨᠡᠩ ᠳᠤᠯᠠᠭᠠᠨ᠂ ᠨᠡᠩ ᠲᠠᠭᠠᠯᠠᠮᠵᠢᠲᠠᠢ ᠪᠣᠯᠭᠠᠵᠤ᠂ ᠤᠯᠠᠭᠠᠨᠴᠠᠪ ᠤᠨ ᠠᠷᠠᠳ ᠲᠦᠮᠡᠨ ᠤ ᠬᠠᠯᠠᠭᠤᠨ ᠰᠡᠳᠬᠢᠯᠭᠡ ᠶᠢ ᠭᠦᠢᠴᠡᠳ ᠢᠯᠡᠷᠡᠭᠦᠯᠬᠦ ᠬᠡᠷᠡᠭᠲᠡᠢ᠃ ᠰᠣᠨᠢᠨ ᠮᠡᠳᠡᠭᠡᠨ ᠤ ᠨᠢᠭᠡᠴᠢ ᠪᠣᠯᠤᠨ ᠵᠠᠭᠤᠴᠢᠯᠠᠭᠤᠷ ᠤᠨ ᠰᠤᠷᠪᠤᠯᠵᠢᠯᠠᠭᠴᠢᠳ ᠤᠷᠤᠯᠳᠤᠭᠠᠨ ᠤ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠤᠯᠠᠭᠠᠨᠴᠠᠪ ᠤᠨ ᠬᠥᠭᠵᠢᠯᠲᠡ ᠶᠢᠨ ᠦᠷ᠎ᠡ ᠪᠦᠲᠦᠭᠡᠯ ᠢ ᠣᠯᠠᠨ ᠬᠠᠷᠠᠭᠠᠰᠤ᠂ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ︽ᠪᠡᠭᠡᠵᠢᠩ ᠠᠴᠠ ᠪᠠᠷᠠᠭᠤᠨᠰᠢ ᠨᠢᠭᠡ ᠠᠯᠬᠤᠮ ᠶᠠᠪᠤᠪᠠᠯ ᠳᠠᠷᠤᠢ ᠤᠯᠠᠭᠠᠨᠴᠠᠪ ᠪᠣᠯᠣᠨ᠎ᠠ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠰᠠᠶᠢᠨ ᠭᠠᠵᠠᠷ︾ ᠤᠨ ᠨᠠᠷᠠᠲᠤ ᠲᠡᠮᠳᠡᠭᠲᠦ ᠶᠢᠨ ᠠᠯᠳᠠᠷᠰᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠩ ᠣᠯᠠᠨ ᠬᠥᠮᠦᠨ ᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠵᠤ᠂ ᠤᠯᠠᠭᠠᠨᠴᠠᠪ ᠲᠤ ᠬᠠᠶᠢᠷᠠᠲᠠᠶ ᠪᠣᠯᠭᠠᠬᠤ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠦᠢᠯᠡᠴᠢᠯᠡᠭᠴᠢᠳ ᠲᠤ ᠰᠠᠶᠢᠲᠤᠷ ᠦᠢᠯᠡᠴᠢᠯᠡᠵᠦ᠂ ᠤᠯᠠᠨ ᠢ ᠬᠠᠮᠤᠭ ᠤᠨ ᠰᠠᠶᠢᠨ ᠪᠠᠶᠢᠳᠠᠯ ᠢᠶᠠᠷ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠠᠵᠢᠯ ᠳᠤ ᠣᠷᠣᠯᠴᠠᠭᠤᠯᠬᠤ ᠬᠡᠷᠡᠭᠲᠡᠶ ᠭᠡᠵᠤ ᠬᠡᠯᠡᠪᠡ᠃     ᠰᠦᠢ ᠸᠧᠢ ᠵᠢᠶᠦ᠋ᠨ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠪᠣᠯ ᠤᠯᠠᠭᠠᠨᠴᠠᠪ ᠤᠨ ᠰᠠᠶᠢᠨ ᠰᠠᠶᠢᠬᠠᠨ ᠲᠦᠷᠢ ᠲᠥᠷᠬᠦ ᠶᠢ ᠳᠡᠯᠭᠡᠨ ᠦᠵᠡᠭᠦᠯᠬᠦ ᠴᠢᠬᠤᠯᠠ ︽ᠴᠤᠩᠬᠤᠪᠴᠢ︾ ᠪᠣᠯᠤᠨ᠎ᠠ᠂ ᠡᠨᠡ ᠨᠢ ᠬᠤᠳᠠ ᠶᠢᠨ ᠠᠯᠳᠠᠷᠰᠢᠯ ᠪᠣᠯᠤᠨ ᠢᠷᠠᠭᠤ ᠠᠯᠳᠠᠷ ᠤᠨ ᠬᠡᠮᠵᠢᠶ᠎ᠡ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠠᠮᠢᠷᠴᠢᠨ᠂ ᠳᠠᠰᠬᠠᠯᠵᠢᠭᠤᠯᠤᠭᠴᠢ ᠵᠡᠷᠭᠡ ᠳᠤ ᠪᠦᠬᠦ ᠲᠠᠯ᠎ᠠ ᠶᠢᠨ᠂ ᠬᠦᠮᠦᠨᠴᠢᠯᠡᠭᠰᠡᠨ᠂ ᠨᠢᠭᠡ ᠳᠤ ᠨᠢᠭᠡ ᠶᠢᠨ ᠦᠢᠯᠡᠴᠢᠯᠡᠭᠡ ᠬᠠᠩᠭᠠᠵᠤ᠂ ᠨᠡᠩ ᠤᠯᠠᠨ ᠲᠠᠮᠢᠷᠴᠢᠨ᠂ ᠳᠠᠰᠬᠠᠯᠵᠢᠭᠤᠯᠤᠭᠴᠢ ᠶᠢ ᠲᠠᠳᠠᠵᠦ ᠤᠯᠠᠭᠠᠨᠴᠠᠪ ᠲᠤ ᠢᠷᠡᠭᠦᠯᠦᠨ ᠪᠤᠯᠪᠠᠰᠤᠷᠠᠯ ᠬᠢᠯᠭᠡᠵᠤ᠂ ᠵᠢᠭᠠᠨ ᠰᠤᠷᠭᠠᠯᠲᠠ ᠳᠤ ᠤᠷᠤᠯᠴᠠᠭᠤᠯᠤᠨ᠎ᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠬᠦ ᠪᠠᠷ ᠠᠵᠠ ᠲᠣᠬᠢᠶᠠᠯ ᠪᠣᠯᠭᠠᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠮᠥᠰᠥ ᠴᠠᠰᠤᠨ ᠤ ᠲᠦᠷᠦᠯ ᠵᠦᠢᠯ ᠢ ᠰᠠᠶᠢᠲᠤᠷ ᠪᠠᠶᠢᠭᠤᠯᠵᠤ᠂ ᠲᠦᠷᠦᠯ ᠲᠡᠮᠳᠡᠭ ᠤᠨ ᠦᠢᠯᠡᠳᠦᠯ ᠢ ᠥᠷᠭᠡᠳᠬᠡᠵᠦ᠂ ᠮᠥᠰᠥ ᠴᠠᠰᠤᠨ ᠤ ᠠᠵᠤ ᠦᠢᠯᠡᠰ ᠢ ᠪᠤᠵᠠᠭᠠᠶᠢᠷᠠᠭᠤᠯᠵᠤ᠂ ᠮᠥᠰᠥ ᠴᠠᠰᠤᠨ ᠤ ᠠᠵᠤ ᠠᠬᠤᠢ ᠶᠢ ᠬᠦᠴᠦᠷᠬᠡᠭᠵᠢᠭᠦᠯᠵᠦ᠂ ᠤᠷᠣᠨ ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠥᠷᠨᠢᠩᠭᠦᠢ ᠠᠮᠢᠵᠢᠷᠠᠯ ᠤᠨ ᠬᠦᠴᠦᠨ ᠨᠡᠮᠡᠷᠢᠯᠡᠬᠦ ᠪᠠᠷ ᠴᠢᠷᠮᠠᠶᠢᠬᠤ ᠬᠡᠷᠡᠭᠲᠡᠢ ᠭᠡᠵᠤ ᠬᠡᠯᠡᠪᠡ᠃      ᠯᠢᠦ ᠭᠦᠸᠧ ᠭᠠᠩ᠂ ᠹᠠᠩ ᠽᠧ ᠣᠷᠣᠯᠴᠠᠵᠠᠢ᠃                             ᠰᠤᠷᠪᠤᠯᠵᠢᠯᠠᠭᠴᠢ᠄ ᠳ᠋ᠠᠢ ᠰᠢᠤᠸᠠᠢ                             ᠣᠷᠴᠢᠭᠤᠯᠤᠭᠴᠢ᠄ ᠭᠤᠸ᠎ᠠ                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2