ᠰᠦᠢ ᠸᠧᠢ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ
ᠨᠡᠶᠢᠲᠡᠯᠡᠭᠰᠡᠨ ᠴᠠᠭ᠄
2024/2/20
   2 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃    ᠰᠦᠢ ᠸᠧᠢ ᠵᠢᠶᠦ᠋ᠨ᠂ ᠣᠶᠢᠷ᠎ᠠ ᠶᠢᠨ ᠵᠢᠯ ᠠᠴᠠ᠂ ᠤᠯᠠᠭᠠᠨᠴᠠᠪ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠤᠳᠠ ᠶᠢᠨ ᠵᠠᠰᠠᠯᠲᠠ᠂ ᠣᠶᠤᠨᠴᠢ ᠬᠡᠷᠡᠭᠯᠡᠭᠡ ᠵᠡᠷᠭᠡ ᠲᠠᠯ᠎ᠠ ᠪᠠᠷ ᠴᠥᠭᠡᠨ ᠪᠤᠰᠤ ᠠᠵᠢᠯ ᠬᠢᠵᠦ᠂ ᠣᠶᠤᠨᠲᠤ ᠬᠤᠳᠠ ᠶᠢᠨ ᠪᠦᠲᠦᠭᠡᠨ ᠪᠠᠶᠢᠭᠤᠯᠤᠯᠲᠠ ᠵᠣᠬᠢᠬᠤ ᠦᠷ᠎ᠡ ᠪᠦᠲᠦᠮᠵᠢ ᠣᠯᠵᠠᠢ᠃ ᠳᠠᠷᠠᠭᠠᠴᠢ ᠶᠢᠨ ᠠᠯᠬᠤᠮ ᠳᠤ᠂ ᠣᠶᠤᠨᠲᠤ ᠬᠤᠳᠠ ᠶᠢᠨ ᠪᠦᠲᠦᠭᠡᠨ ᠪᠠᠶᠢᠭᠤᠯᠤᠯᠲᠠ ᠶᠢ ᠬᠤᠳᠠ ᠶᠢᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠪᠣᠳᠠᠲᠠᠢ ᠠᠵᠢᠯᠯᠠᠭ᠎ᠠ ᠪᠣᠯᠭᠠᠵᠤ᠂ ᠪᠦᠬᠦ ᠬᠤᠳᠠ ᠶᠢᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠣᠶᠤᠨᠲᠤ ᠬᠤᠳᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠥᠨᠳᠥᠷ ᠪᠦᠲᠦᠮᠵᠢᠲᠡᠢ ᠠᠬᠢᠭᠤᠯᠬᠤ ᠬᠡᠷᠡᠭᠲᠡᠢ᠃ ᠪᠦᠲᠦᠭᠡᠨ ᠪᠠᠶᠢᠭᠤᠯᠬᠤ᠂ ᠬᠠᠮᠢᠶᠠᠷᠬᠤ᠂ ᠬᠡᠷᠡᠭᠯᠡᠬᠦ᠂ ᠬᠠᠮᠠᠭᠠᠯᠠᠬᠤ᠂ ᠪᠠᠲᠤᠯᠠᠬᠤ᠂ ᠠᠬᠢᠭᠤᠯᠬᠤ ᠳᠤ ᠦᠷᠭᠦᠯᠵᠢᠯᠡᠨ ᠬᠦᠴᠦ ᠲᠠᠯᠪᠢᠵᠤ᠂ ᠲᠤᠭ᠎ᠠ ᠪᠠᠷᠢᠮᠲᠠ᠂ ᠲᠤᠬᠠᠶᠢᠯᠠᠭᠰᠠᠨ ᠠᠵᠢᠯ ᠤᠨ ᠪᠠᠬᠢᠯᠡᠯᠲᠡ ᠶᠢ ᠨᠠᠪᠲᠠᠷᠡᠭᠦᠯᠵᠦ᠂ ︽ᠳᠡᠭᠡᠷ᠎ᠡ ᠳᠣᠣᠷ᠎ᠠ ᠨᠢᠭᠡ ᠱᠤᠭᠤᠮ᠂ ᠳᠡᠭᠡᠷ᠎ᠡ ᠳᠣᠣᠷ᠎ᠠ ᠨᠢᠭᠡ ᠬᠥᠯᠭᠡ ᠰᠢᠲᠠᠷ᠎ᠠ᠂ ᠨᠢᠭᠡ ᠲᠣᠣᠷ ᠪᠠᠶᠢᠭᠤᠯᠵᠤ᠂ ᠨᠢᠭᠡ ᠬᠡᠰᠡᠭ ᠡᠭᠦᠯᠡ ᠶᠢ ᠪᠦᠷᠢᠯᠳᠦᠭᠦᠯᠬᠦ︾ ᠣᠶᠤᠨᠲᠤ ᠬᠤᠳᠠ ᠶᠢᠨ ᠪᠠᠶᠢᠷᠢᠰᠢᠯ ᠢ ᠲᠦᠷᠭᠡᠨ ᠪᠠᠶᠢᠭᠤᠯᠬᠤ ᠬᠡᠷᠡᠭᠲᠡᠢ᠃ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠢᠶᠠᠷ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠡᠯ᠎ᠡ ᠲᠦᠷᠦᠯ ᠤᠨ ᠭᠤᠣᠯ ᠴᠣᠭᠴᠠ ᠶᠢᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠨᠡᠶᠢᠭᠡᠮ ᠤᠨ ᠬᠦᠴᠦᠨ ᠢ ᠲᠠᠲᠠᠵᠤ ᠣᠶᠤᠨᠲᠤ ᠬᠤᠳᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ︽ᠪᠦᠬᠦ ᠬᠤᠳᠠ ᠶᠢ ᠨᠢᠭᠡ ᠴᠣᠭᠴᠠᠵᠢᠭᠤᠯᠤᠭᠰᠠᠨ᠂ ᠵᠠᠰᠠᠭ ᠤᠨ ᠣᠷᠳᠣᠨ ᠬᠥᠲᠥᠯᠥᠨ ᠳᠠᠭᠠᠭᠤᠯᠤᠭᠰᠠᠨ᠂ ᠤᠯᠠᠨ ᠡᠰᠢᠴᠢᠯᠡᠨ ᠣᠷᠣᠯᠴᠠᠭᠰᠠᠨ᠂ ᠬᠠᠮᠲᠤᠷᠠᠯᠴᠠᠵᠤ ᠬᠠᠮᠲᠤᠪᠠᠷ ᠠᠰᠢᠭ ᠭᠥᠷᠳᠡᠭᠰᠡᠨ︾ ᠦᠷᠭᠦᠯᠵᠢᠯᠡᠬᠦ ᠬᠥᠭᠵᠢᠯᠲᠡ ᠶᠢᠨ ᠪᠠᠶᠢᠷᠢᠰᠢᠯ ᠢ ᠪᠤᠢ ᠪᠣᠯᠭᠠᠵᠤ᠂ ᠲᠣᠭᠠᠴᠢᠯᠠᠭᠰᠠᠨ ᠪᠠ ᠣᠶᠤᠨᠴᠢᠯᠠᠭᠰᠠᠨ ᠢᠶᠠᠷ ᠬᠤᠳᠠ ᠶᠢᠨ ᠬᠥᠭᠵᠢᠯᠲᠡ ᠳᠤ ᠴᠢᠳᠠᠪᠬᠢ ᠣᠯᠭᠤᠵᠤ᠂ ᠤᠯᠠᠭᠠᠨᠴᠠᠪ ᠬᠤᠳᠠ ᠶᠢᠨ ᠲᠣᠭᠠᠴᠢᠯᠠᠭᠰᠠᠨ ᠬᠡᠯᠪᠡᠷᠢ ᠶᠢᠨ ᠬᠤᠪᠢᠷᠠᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠬᠡᠯᠡᠪᠡ᠃    ᠯᠢᠦ ᠭᠦᠸᠧ ᠭᠠᠩ᠂ ᠴᠠᠢ ᠶᠤᠸᠠᠢ ᠣᠷᠣᠯᠴᠠᠪᠠ᠃                                                  ᠣᠷᠴᠢᠭᠤᠯᠤᠭᠴᠢ᠄ ᠭᠤᠸ᠎ᠠ                                                  ᠬᠢᠨᠠᠭᠴᠢ᠄ ᠠᠷᠢᠭᠤᠨ
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2