︽ᠠᠷᠪᠠᠨ ᠳᠥᠷᠪᠡᠳᠦᠭᠡᠷ ᠡᠪᠦᠯ︾ ᠤᠨ ᠤᠯᠠᠭᠠᠨᠴᠠᠪ ᠤᠨ ᠯᠢᠶᠡᠩᠴᠧᠩ ᠤᠷᠤᠯᠳᠤᠭᠠᠨ ᠤ ᠲᠣᠭᠤᠷᠢᠭ ᠲᠤ ᠨᠢᠭᠡᠨᠲᠡ 18 ᠠᠯᠲᠠᠨ ᠮᠧᠳᠠᠯ ᠲᠣᠳᠣᠷᠠᠪᠠ
ᠨᠡᠶᠢᠲᠡᠯᠡᠭᠰᠡᠨ ᠴᠠᠭ᠄
2024/2/20
    ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠤᠯᠠᠭᠠᠨᠴᠠᠪ ᠲᠠᠬᠢ ᠤᠷᠤᠯᠳᠤᠭᠠ ᠤ ᠲᠣᠭᠤᠷᠢᠭ ᠲᠤ ᠤᠷᠤᠯᠳᠤᠬᠤ ᠴᠠᠭ ᠨᠢ 2024 ᠤᠨ ᠤ 2 ᠳ᠋ᠤᠭᠠᠷ ᠰᠠᠷ᠎ᠠ ᠶᠢᠨ 14 ᠤ ᠡᠳᠦᠷ ᠠᠴᠠ 2 ᠳ᠋ᠤᠭᠠᠷ ᠰᠠᠷ᠎ᠠ ᠶᠢᠨ 26 ᠤ ᠡᠳᠦᠷ ᠪᠣᠯᠲᠠᠯ᠎ᠠ ᠪᠠᠶᠢᠵᠤ᠂ ᠲᠤᠰ ᠤᠷᠤᠯᠳᠤᠭᠠᠨ ᠤ ᠲᠣᠭᠤᠷᠢᠭ ᠲᠤ ᠬᠡᠭᠡᠷᠡᠯᠡᠨ ᠴᠠᠨᠠᠯᠠᠬᠤ ᠂ ᠡᠪᠦᠯ ᠤᠨ ᠬᠤᠶᠠᠷ ᠲᠥᠷᠥᠯ ᠂ ᠲᠠᠩ ᠴᠠᠨ᠎ᠠ ᠪᠠᠷ ᠰᠠᠭᠠᠳ ᠳᠠᠪᠠᠨ ᠲᠠᠭᠤᠯᠴᠠᠬᠤ᠂ ᠴᠢᠯᠦᠭᠡᠲᠦ ᠴᠠᠨᠠᠯᠠᠯᠲᠠ ᠶᠢᠨ ᠰᠠᠭᠠᠳ ᠳᠠᠪᠠᠨ ᠲᠠᠭᠤᠯᠴᠠᠬᠤ ᠵᠡᠷᠭᠡ 4 ᠬᠤᠪᠢᠶᠠᠷᠢ᠂ 38 ᠪᠠᠭ᠎ᠠ ᠲᠥᠷᠥᠯ ᠤᠨ ᠤᠷᠤᠯᠳᠤᠭᠠᠨ ᠢ ᠬᠠᠮᠤᠷᠴᠤ ᠂ 383 ᠲᠠᠮᠢᠷᠴᠢᠨ ᠤᠷᠤᠯᠳᠤᠭᠠᠨ ᠳᠤ ᠣᠷᠣᠯᠴᠠᠨ ᠂ ᠨᠡᠶᠢᠲᠡ 38 ᠠᠯᠲᠠᠨ ᠮᠧᠳᠠᠯ ᠲᠣᠳᠤᠷᠠᠭᠤᠯᠬᠤ ᠪᠣᠯᠣᠨ᠎ᠠ ᠃ 2 ᠳ᠋ᠤᠭᠠᠷ ᠰᠠᠷ᠎ᠠ ᠶᠢᠨ 19 ᠤ ᠡᠳᠦᠷ ᠪᠣᠯᠲᠠᠯ᠎ᠠ᠂ ᠨᠢᠭᠡᠨᠲᠡ 18 ᠠᠯᠲᠠᠨ ᠮᠧᠳᠠᠯ ︵ᠬᠡᠭᠡᠷᠡᠯᠡᠨ ᠴᠠᠨᠠᠯᠠᠬᠤ ᠤᠷᠤᠯᠳᠤᠭᠠᠨ ᠳᠤ 8᠂ ᠡᠪᠦᠯ ᠤᠨ ᠬᠤᠶᠠᠷ ᠲᠥᠷᠥᠯ ᠤᠨ ᠤᠷᠤᠯᠳᠤᠭᠠᠨ ᠳᠤ 6᠂ ᠰᠠᠭᠠᠳ ᠳᠠᠪᠠᠨ ᠲᠠᠭᠤᠯᠴᠠᠬᠤ ᠤᠷᠤᠯᠳᠤᠭᠠᠨ ᠳᠤ 4︶ ᠲᠣᠳᠤᠷᠠᠭᠤᠯᠤᠭᠠᠳ ᠪᠤᠢ ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2