ᠬᠤᠲᠠ ᠶᠢᠨ ᠤᠳᠤᠷᠢᠳᠤᠯᠭ᠎ᠠ ᠠᠶᠤᠯᠭᠦᠢ ᠦᠢᠯᠡᠳᠪᠦᠷᠢᠯᠡᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠳᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2024/2/21
   2 ᠰᠠᠷ᠎ᠠ ᠶᠢᠨ 20 ᠤ ᠡᠳᠦᠷ᠂ ᠬᠤᠳᠠ ᠶᠢᠨ ᠳᠡᠳ᠋ ᠳᠠᠷᠤᠭ᠎ᠠ ᠢᠦᠢ ᠬᠠᠢ ᠴᠧᠩ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠳᠤ ᠲᠣᠬᠢᠷᠠᠭᠤᠯᠤᠯᠲᠠ ᠬᠢᠵᠡᠢ᠃    ᠢᠦᠢ ᠬᠠᠢ ᠴᠧᠩ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠪᠠᠶᠢᠬᠤ ᠬᠠᠷᠢᠭᠤᠴᠠᠯᠭᠠᠲᠤ ᠰᠡᠳᠬᠢᠯᠭᠡ ᠶᠢ ᠢᠮᠠᠭᠲᠠ ᠪᠠᠷᠢᠮᠲᠠᠯᠠᠵᠤ᠂ ᠲᠣᠭᠤᠷᠢᠨ ᠪᠠᠶᠢᠴᠠᠭᠠᠬᠤ ᠠᠶᠤᠯᠭᠦᠢ ᠦᠢᠯᠡᠳᠪᠦᠷᠢᠯᠡᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠠᠳᠬᠤᠵᠤ᠂ ᠥᠨᠳᠥᠷ ᠪᠠᠷᠢᠮᠵᠢᠶ᠎ᠠ ᠪᠠᠷ ᠴᠠᠭ ᠲᠤᠬᠠᠢ ᠳᠤᠨᠢ ᠨᠣᠮᠧᠷ ᠢ ᠨᠢ ᠬᠠᠰᠤᠬᠤ ᠶᠢ ᠪᠠᠲᠤᠯᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠠᠶᠤᠯᠭᠦᠢ ᠦᠢᠯᠡᠳᠪᠦᠷᠢᠯᠡᠯ ᠤᠨ ᠪᠡᠯᠡᠳᠬᠡᠯ ᠠᠵᠢᠯ ᠢ ᠴᠢᠩᠭ᠎ᠠ ᠠᠩᠬᠠᠷᠴᠤ᠂ ᠴᠢᠬᠤᠯᠠ ᠬᠦᠷᠢᠶᠡᠨ ᠤ ᠵᠠᠩᠭᠢᠯᠠᠭ᠎ᠠ ᠶᠢᠨ ᠣᠷᠣᠨ ᠪᠠᠶᠢᠷᠢ ᠭᠤᠣᠯᠳᠠᠯᠭ᠎ᠠ ᠲᠠᠢ ᠭᠤᠭᠴᠤᠭ᠎ᠠ ᠶᠢ ᠰᠤᠭᠤᠴᠢᠨ ᠪᠠᠶᠢᠴᠠᠭᠠᠬᠤ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                                                 ᠣᠷᠴᠢᠭᠤᠯᠤᠭᠴᠢ᠄ ᠭᠤᠸ᠎ᠠ                                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2